ᠣᠶᠢᠷ᠎ᠠ ᠳᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠳᠤ ᠲᠦᠰᠢᠭᠯᠡᠨ ︽ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶︾ ᠢ | ᠪᠡᠯᠡᠳᠬᠡᠨ ᠪᠠᠶᠢᠭᠤᠯᠬᠤ ᠶᠢ ᠵᠥᠪᠰᠢᠶᠡᠷᠡᠪᠡ᠂ ᠲᠣᠰ ᠲᠥᠪ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠵᠥᠪᠰᠢᠶᠡᠷᠡᠵᠦ | ᠪᠡᠯᠡᠳᠬᠡᠨ ᠪᠠᠶᠢᠭᠤᠯᠤᠭᠰᠠᠨ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠪᠣᠯᠣᠨ᠎ᠠ᠃ | ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠣᠨ᠎ᠠ᠂ ᠪᠠᠰᠠ | ᠴᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠨᠢ ᠤᠯᠤᠰ ᠤᠨ ᠬᠤᠲᠠ ᠶᠢᠨ ᠡᠨᠧᠷᠭᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠢ ᠪᠠᠶᠢᠭᠤᠯᠵᠤ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ ᠭᠤᠣᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠢ ᠶᠢᠨ ᠨᠡᠭᠦᠷᠡᠰᠦ᠂ ᠤᠰᠤ᠂ ᠴᠠᠬᠢᠯᠭᠠᠨ᠂ ᠬᠡᠢ᠂ ᠲᠣᠰᠣ᠂ ᠢᠯᠴᠢ ᠶᠢᠨ ᠡᠨᠧᠷᠭᠢ ᠵᠡᠷᠭᠡ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ | ᠰᠦᠯᠵᠢᠶᠡᠨ ᠳᠡᠭᠡᠷ᠎ᠡ ᠬᠢᠨᠠᠨ ᠬᠡᠮᠵᠢᠵᠦ ᠵᠠᠳᠠᠯᠬᠤ ᠶᠢ ᠪᠡᠶᠡᠯᠡᠭᠦᠯᠵᠦ᠂ ᠪᠠᠷᠢᠮᠵᠢᠶᠠᠵᠢᠭᠤᠯᠤᠭᠰᠠᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠷᠰᠢᠯᠲᠠ ᠶᠢᠨ ᠲᠠᠰᠤᠭ ᠢ | ᠪᠠᠶᠢᠭᠤᠯᠤᠨ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ᠂ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ | ᠬᠤᠷᠠᠮᠠᠯ ᠤᠨ ᠬᠡᠮᠵᠢᠶ᠎ᠡ ᠶᠢ ᠵᠠᠳᠠᠯᠬᠤ ᠵᠡᠷᠭᠡ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ | ᠰᠢᠯᠭᠠᠬᠤ ᠰᠤᠳᠤᠯᠭᠠᠨ ᠤ ᠬᠦᠷᠢᠶᠡᠯᠡᠩ ᠳᠤ ᠲᠦᠰᠢᠭᠯᠡᠨ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠢ ᠪᠡᠯᠡᠳᠬᠡᠨ | ᠪᠠᠶᠢᠭᠤᠯᠤᠭᠰᠠᠨ ᠨᠢ ᠮᠠᠨ ᠤ ᠣᠷᠣᠨ ᠤ ᠡᠬᠢ ᠪᠠᠶᠠᠯᠢᠭ᠂ ᠠᠮᠢ ᠠᠬᠤᠢ᠂ ᠣᠷᠣᠨ ᠪᠠᠶᠢᠷᠢ ᠵᠡᠷᠭᠡ ᠶᠢᠨ ᠳᠠᠪᠠᠭᠤᠯᠢᠭ ᠢ ᠪᠠᠳᠠᠷᠠᠭᠤᠯᠤᠨ᠂ ᠤᠯᠤᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ | ᠵᠣᠯᠭᠠᠭᠤᠯᠵᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠠᠷᠭ᠎ᠠ ᠵᠠᠮ ᠪᠠ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠦᠬᠦ ᠤᠯᠤᠰ ᠤᠨ ᠡᠯ᠎ᠡ ᠭᠠᠵᠠᠷ ᠤᠨ | ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠨᠡᠩ ᠰᠠᠶᠢᠨ ᠦᠢᠯᠡᠴᠢᠯᠡᠭᠦᠯᠵᠦ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠ | ᠳᠠᠭᠠᠭᠤᠯᠤᠨ ᠳᠠᠶᠢᠴᠢᠯᠠᠬᠤ ᠴᠢᠬᠤᠯᠠ ᠦᠢᠯᠡᠳᠦᠯ ᠲᠠᠢ ᠶᠤᠮ᠃ | ᠲᠠᠨᠢᠯᠴᠠᠭᠤᠯᠤᠭᠰᠠᠨ ᠢᠶᠠᠷ᠂ ᠲᠤᠰ ᠲᠥᠪ ᠨᠢ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠪᠡᠷᠬᠡ ᠰᠡᠳᠦᠪ ᠢ | ᠰᠢᠢᠳᠪᠦᠷᠢᠯᠡᠬᠦ ᠪᠠᠷ ᠳᠡᠮᠵᠢᠨ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠮᠡᠷᠭᠡᠵᠢᠯ ᠤᠨ ᠰᠤᠳᠤᠯᠭᠠᠨ ᠪᠠ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠭ᠎ᠠ ᠪᠠᠷᠢᠮᠲᠠ ᠴᠤᠭᠯᠠᠭᠤᠯᠬᠤ᠂ ᠵᠠᠳᠠᠯᠬᠤ᠂ ᠦᠨᠡᠯᠡᠬᠦ ᠪᠠ ᠬᠡᠷᠡᠭᠯᠡᠬᠦ ᠶᠢ ᠴᠢᠩᠭᠠᠳᠬᠠᠵᠤ᠂ | ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠵᠠᠰᠠᠭ ᠤᠨ ᠣᠷᠳᠣᠨ᠂ ᠠᠵᠢᠯ ᠲᠥᠷᠥᠯ᠂ ᠠᠵᠤ ᠠᠬᠤᠶᠢᠯᠠᠯ ᠳᠤ | ᠵᠦᠷᠢᠶᠡᠴᠢᠯᠡᠭᠰᠡᠨ᠂ ᠣᠯᠠᠨ ᠶᠠᠩᠵᠤᠯᠠᠭᠰᠠᠨ᠂ ᠲᠤᠰᠬᠠᠶᠢᠵᠢᠭᠰᠠᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠬᠡᠮᠵᠢᠯᠲᠡ ᠪᠠᠷ ᠲᠤᠯᠭᠠᠭᠤᠷᠢᠯᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠰᠠᠭᠤᠷᠢ ᠴᠢᠨᠠᠷᠲᠠᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠳᠤ ᠦᠢᠯᠡᠴᠢᠯᠡᠭᠦᠯᠦᠨ᠎ᠡ᠃ |