5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ 2022 ᠣᠨ ᠤ | ᠠᠩᠬᠠᠳᠤᠭᠠᠷ ᠤᠳᠠᠭ᠎ᠠ ᠶᠢᠨ ᠪᠦᠭᠦᠳᠡ ︵ᠥᠷᠭᠡᠳᠬᠡᠭᠰᠡᠨ︶ ᠬᠤᠷᠠᠯ ᠵᠢᠴᠢ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠰᠣᠷᠣᠯᠴᠠᠨ ᠲᠤᠭᠤᠰᠢᠯᠠᠭᠤᠯᠬᠤ | ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠦ | ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ | ᠾᠧᠩ ᠰᠢᠶᠣᠣ ᠹᠠᠨ ᠬᠤᠷᠠᠯ ᠢ ᠡᠷᠬᠢᠯᠡᠵᠡᠢ᠃ | ᠳ᠋ᠢᠩ ᠰᠢᠦ ᠹᠧᠩ᠂ ᠪᠥᠬᠦ ᠣᠷᠣᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠠᠶᠢᠬᠤᠯᠠ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠠᠷᠠᠳ | ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠢᠩ ᠰᠢᠦ ᠹᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠤᠳᠤᠷᠢᠳᠬᠤ ᠺᠠᠳ᠋ᠷ ᠵᠠᠬᠢᠳᠠᠯ | ᠰᠤᠷᠪᠤᠯᠵᠢᠯᠠᠯ ᠢ ᠬᠦᠯᠢᠶᠡᠨ ᠠᠪᠬᠤ ᠪᠠᠷ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠪᠠ ᠣᠯᠠᠨ ᠲᠦᠮᠡᠨ ᠤ ᠵᠠᠬᠢᠳᠠᠯ ᠢ ᠤᠩᠰᠢᠨ ᠵᠥᠪᠰᠢᠶᠡᠷᠡᠬᠦ | ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠳᠠᠪᠲᠠᠨ ᠰᠤᠷᠪᠤᠯᠵᠢᠯᠠᠬᠤ ᠶᠢ ᠵᠠᠰᠠᠬᠤ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ | ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠵᠥᠷᠢᠴᠡᠯ ᠠᠶᠤᠯ ᠲᠦᠭᠰᠢᠭᠦᠷᠢ ᠶᠢ ᠪᠦᠲᠦᠮᠵᠢᠲᠡᠢ ᠰᠢᠢᠳᠪᠦᠷᠢᠯᠡᠬᠦ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠣᠶᠢᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ | ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠦᠨᠡᠨ ᠬᠦ ᠰᠠᠶᠢᠨ | ᠰᠠᠶᠢᠬᠠᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠬᠥᠬᠡᠬᠤᠲᠠ᠂ ᠤᠯᠠᠭᠠᠨᠬᠠᠳᠠ ᠬᠤᠲᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ |