|
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ | ᠠᠰᠠᠭᠤᠳᠠᠯ ᠢ ᠵᠥᠪ ᠲᠠᠨᠢᠵᠤ ᠡᠵᠡᠮᠳᠡᠬᠦ ᠬᠡᠷᠡᠭᠲᠡᠢ︾ ᠭᠡᠬᠦ ᠴᠢᠬᠤᠯᠠ ᠵᠤᠬᠢᠶᠠᠯ ᠢ ᠨᠠᠶᠢᠳᠠᠯᠠᠪᠠ |
|
|
ᠨᠡᠶᠢᠲᠡᠯᠡᠭᠰᠡᠨ ᠴᠠᠭ᠄
2022/5/17
|
|
ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠵᠥᠪ ᠲᠠᠨᠢᠵᠤ ᠡᠵᠡᠮᠳᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠵᠣᠬᠢᠶᠠᠯ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠴᠢᠬᠤᠯᠠ ᠶᠡᠭᠡ ᠠᠰᠠᠭᠤᠳᠠᠯ ᠳᠤ ᠲᠤᠯᠭᠠᠷᠠᠵᠤ ᠪᠠᠶᠢᠬᠤ ᠶᠢ ᠵᠥᠪ ᠲᠠᠨᠢᠵᠥ ᠡᠵᠡᠮᠳᠡᠬᠦ ᠶᠢ ᠱᠠᠭᠠᠷᠳᠠᠵᠤ ᠪᠠᠶᠢᠨ᠎ᠠ ᠭᠡᠵᠤ ᠴᠢᠬᠤᠯᠠᠴᠢᠯᠠᠪᠠ᠃ ᠵᠣᠬᠢᠶᠠᠯ ᠳᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ ᠡᠵᠡᠮᠳᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠃ ᠬᠠᠮᠲᠤ ᠪᠠᠷ ᠪᠠᠶᠠᠵᠢᠬᠤ ᠬᠠᠷᠠᠯᠲᠠ ᠶᠢ ᠪᠡᠶᠡᠯᠡᠭᠦᠯᠬᠦ ᠳᠤ ᠶᠠᠭᠤᠨ ᠤ ᠡᠮᠦᠨ᠎ᠡ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠲᠣᠮᠣ ᠪᠥᠭᠡᠳ ᠰᠠᠶᠢᠨ ᠬᠢᠵᠦ᠂ ᠳᠠᠷᠠᠭ᠎ᠠ ᠨᠢ ᠵᠦᠢ ᠵᠣᠬᠢᠰᠲᠠᠶ ᠳᠦᠷᠢᠮ ᠤᠨ ᠲᠣᠬᠢᠷᠠᠭᠤᠯᠤᠯᠲᠠ ᠪᠠᠷ ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠰᠠᠶᠢᠲᠤᠷ ᠬᠤᠪᠢᠶᠠᠬᠤ ᠬᠡᠷᠡᠭᠲᠡᠶ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠂ ᠪᠢᠳᠡ ᠨᠥᠬᠦᠴᠡᠯ ᠪᠦᠷᠢᠯᠳᠦᠭᠦᠯᠵᠦ ᠪᠠᠶᠢᠭᠠᠳ ᠲᠦᠷᠢᠮ ᠢ ᠲᠡᠭᠦᠯᠳᠡᠷᠵᠢᠭᠦᠯᠵᠦ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠶ ᠶᠢᠨ ᠨᠡᠮᠡᠭᠳᠡᠯ ᠤᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠣᠳᠠᠲᠤ ᠴᠣᠭᠴᠠ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠬᠤᠪᠢᠶᠠᠷᠢᠯᠠᠯᠲᠠ ᠶᠢᠨ ᠴᠢᠳᠠᠪᠬᠢ ᠪᠠ ᠦᠢᠯᠡᠳᠦᠯ ᠢ ᠪᠠᠳᠠᠷᠠᠭᠤᠯᠵᠤ᠂ ᠦᠷ᠎ᠡ ᠪᠦᠲᠦᠮᠵᠢ ᠪᠠ ᠲᠥᠪ ᠭᠤᠣᠯᠴᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠩᠬᠠᠨ ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠤᠬᠦᠯᠬᠦ ᠰᠠᠭᠤᠷᠢ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠶᠢ ᠪᠠᠶᠢᠭᠤᠯᠬᠤ ᠭᠡᠷᠡᠭᠳᠠᠢ᠃ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ᠣᠯᠠᠨ ᠨᠡᠶᠢᠲᠡ ᠶᠢᠨ ᠦᠶᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠨᠠᠷᠢᠯᠢᠭ ᠣᠨᠣᠴᠠᠲᠠᠶ ᠬᠠᠩᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ ᠵᠣᠬᠢᠶᠠᠯ ᠳᠤ᠂ ᠬᠦᠷᠦᠩᠭᠡ ᠶᠢᠨ ᠣᠨᠴᠠᠯᠢᠭ ᠪᠠ ᠦᠢᠯᠡ ᠠᠵᠢᠯᠯᠠᠭᠠᠨ ᠤ ᠵᠢᠮ᠎ᠡ ᠶᠣᠰᠣ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠪᠣᠯ ᠮᠠᠨ ᠤ ᠨᠠᠮ ᠤᠨ ᠨᠢᠭᠡᠨ ᠠᠭᠤᠤ ᠶᠡᠭᠡ ᠡᠭᠦᠳᠦᠯᠲᠡ ᠮᠥᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷ᠎ᠠ ᠬᠦᠷᠦᠩᠭᠡ ᠶᠢᠨ ᠢᠳᠡᠪᠬᠢ ᠦᠢᠯᠡᠳᠦᠯ ᠢ ᠬᠡᠷᠬᠢᠨ ᠪᠠᠳᠠᠷᠠᠭᠤᠯᠬᠤ ᠶᠢ ᠰᠦᠪᠡᠭᠴᠢᠯᠡᠬᠦ ᠶᠢᠨ ᠬᠠᠮᠲᠤ ᠬᠦᠷᠦᠩᠭᠡ ᠶᠢᠨ ᠨᠠᠵᠠᠭᠠᠢ ᠦᠢᠯᠡᠳᠦᠯ ᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ ᠲᠤᠬᠢᠷᠠᠭᠤᠯᠤᠨ ᠥᠭᠴᠦ᠂ ᠵᠠᠷᠢᠮ ᠬᠦᠷᠦᠩᠭᠡ ᠶᠢᠨ ᠵᠡᠷᠯᠢᠭ ᠪᠠᠯᠠᠮᠠᠳ ᠢᠶᠠᠷ ᠪᠣᠶᠢᠵᠢᠬᠤ ᠶᠢ ᠰᠡᠷᠭᠡᠶᠢᠯᠡᠨ ᠬᠤᠷᠢᠭᠯᠠᠵᠤ᠂ ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠦᠷᠦᠩᠭᠡ ᠶᠢᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠴᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠮᠦᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠠᠩᠬᠠᠨ ᠤ ᠪᠦᠲᠦᠭᠡᠭᠳᠡᠭᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠪᠠᠲᠤᠯᠠᠬᠤ ᠪᠣᠯ ᠨᠢᠭᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠴᠢᠩᠭᠠᠳᠬᠠᠵᠤ᠂ ᠡᠷᠲᠡᠬᠡᠨ ᠲᠤᠬᠢᠷᠠᠭᠤᠯᠤᠯᠳᠠ ᠬᠢᠵᠦ᠂ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠬᠦᠷᠢᠶᠡᠨ ᠤ ᠠᠷᠪᠢᠯᠠᠨ ᠭᠠᠮᠨᠠᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠭᠠᠳᠠᠭᠠᠳᠤ ᠳᠠᠬᠢ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠰᠢᠯᠢᠳᠡᠭᠵᠢᠭᠦᠯᠦᠨ᠎ᠡ᠃ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠮᠠᠨ ᠤ ᠪᠤᠳᠠᠭᠠᠨ ᠠᠶᠠᠭᠠᠨ ᠳᠤ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠬᠢᠬᠦ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠦᠨᠡᠰᠦᠨ ᠠᠮᠤ ᠶᠢᠨ ᠬᠠᠷᠢᠴᠠᠯᠠᠰᠢᠬᠦᠢ ᠠᠮᠤᠷ ᠲᠦᠪᠰᠢᠨ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠰᠦᠪᠡᠨ ᠬᠠᠩᠭᠠᠬᠤ ᠶᠢ ᠦᠨᠡᠨ ᠬᠦ ᠪᠠᠲᠤᠯᠠᠵᠤ᠂ ᠲᠣᠰᠣᠯᠢᠭ ᠲᠠᠷᠢᠮᠠᠯ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠪᠠ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠪᠤᠶᠤ ᠬᠢᠮᠤᠷᠠᠯ ᠭᠠᠷᠬᠤ ᠠᠴᠠ ᠬᠦᠴᠦᠯᠡᠨ ᠵᠠᠶᠢᠯᠠᠰᠭᠢᠬᠦ ᠬᠡᠷᠡᠭᠲᠡᠢ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠪᠦᠷᠢᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠨᠤᠴᠠᠳᠠᠢ ᠪᠠᠷ ᠵᠠᠳᠠᠯᠬᠤ ᠦᠨᠳᠦᠰᠦᠨ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ ᠰᠢᠶᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠴᠡᠳ ᠡᠬᠢ ᠪᠠᠶᠠᠯᠢᠭ ᠲᠠᠢ ᠪᠠᠶᠢᠵᠤ᠂ ᠡᠯ᠎ᠡ ᠲᠠᠯ᠎ᠠ ᠶᠢᠨ ᠬᠢᠨ ᠥᠷᠭᠡᠨ ᠢᠶᠠᠷ ᠬᠠᠮᠵᠢᠯᠴᠠᠵᠤ᠂ ᠵᠠᠬ᠎ᠠ ᠳᠡᠯᠭᠡᠭᠦᠷ ᠠᠯᠤᠰᠯᠠᠭᠰᠠᠨ ᠠᠵᠢᠯ ᠲᠦᠷᠦᠯ ᠠᠯᠤᠰᠯᠠᠭᠰᠠᠨ ᠨᠢᠭᠡᠳᠦᠯᠲᠡᠢ ᠲᠥᠯᠥᠪᠵᠢᠭᠦᠯᠦᠨ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠪᠤᠳᠤᠯᠢᠶᠠᠨᠲᠠᠢ ᠢᠨᠵᠧᠨᠧᠷᠢᠩ ᠪᠠ ᠤᠷᠳᠤ ᠬᠤᠭᠤᠴᠠᠭᠠᠨ ᠤ ᠡᠭᠦᠷᠭᠡ ᠮᠥᠨ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ ᠳᠡᠶᠢᠯᠬᠦ ᠦᠭᠡᠢ ᠶᠤᠮ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ ᠰᠢᠯᠤᠭᠤᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠎ᠡ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠳᠦᠷᠢᠮ ᠢ ᠲᠡᠭᠦᠯᠳᠡᠷᠵᠢᠭᠦᠯᠦᠨ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠦᠷᠭᠡᠳᠭᠡᠨ ᠪᠤᠶ ᠪᠣᠯᠭᠠᠨ᠎ᠠ᠃ ︽ᠬᠤᠶᠠᠷ ᠢ ᠬᠢᠵᠠᠭᠠᠷᠯᠠᠬᠤ︾᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠳᠥᠭᠦᠮᠬᠡᠨ ᠱᠠᠳᠤ ᠱᠠᠳᠤ ᠪᠠᠷ ᠵᠠᠳᠠᠯᠬᠤ ᠶᠢ ᠰᠡᠷᠭᠡᠶᠢᠯᠡᠨ ᠬᠤᠷᠢᠠᠠᠯᠠᠨ᠎ᠠ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠲᠦᠭᠡᠨ ᠪᠠᠶᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|