ᠮᠠᠨ ᠤ ᠣᠷᠣᠨ ᠤ 5 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/5/18


      5 ᠳ᠋ᠤᠭᠠᠷ ᠰᠠᠷ᠎ᠠ ᠶᠢᠨ 17 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃
      5 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ᠪᠠᠶᠢᠨ᠎ᠠ᠂ ᠡᠭᠦᠨ ᠳᠤ ᠬᠦᠯᠦᠨ ᠪᠤᠶᠢᠷ ᠬᠤᠲᠠ ᠳᠤ 1 ᠵᠢᠱᠢᠶ᠎ᠡ᠂ ᠤᠯᠠᠭᠠᠨᠬᠠᠳᠠ‌ᠬᠤᠲᠠ ᠳᠤ 1 ᠵᠢᠱᠢᠶ᠎ᠡ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ