ᠰᠦᠨ ᠱᠤᠤ ᠴᠧᠩ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ
ᠨᠡᠶᠢᠲᠡᠯᠡᠭᠰᠡᠨ ᠴᠠᠭ᠄
2022/5/19

      5 ᠰᠠᠷ᠎ᠠ ᠶᠢᠨ 15 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃

1.jpg


      5 ᠰᠠᠷ᠎ᠠ ᠶᠢᠨ 16 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ  ᠤ ᠱᠦᠵᠢ ᠰᠦᠨ ᠱᠤᠤ ᠴᠧᠩ ᠠᠯᠠᠱᠠ ᠠᠶᠢᠮᠠᠭ ᠤᠨ ᠡᠵᠡᠨ᠎ᠠ ᠬᠤᠰᠢᠭᠤᠨ ᠤ ᠪᠠᠶᠠᠨ ᠲᠤᠬᠤᠢ ᠰᠤᠮᠤ ᠶᠢᠨ ᠦᠰᠦᠷᠦᠩᠭᠦᠢ ᠭᠠᠴᠠᠭ᠎ᠠ ᠳᠤ ᠬᠦᠨᠵᠡᠭᠡᠶᠢᠷᠠᠨ ᠮᠠᠯᠴᠢᠨ ᠲᠦᠮᠡᠨ ᠢ ᠪᠤᠯᠭᠤᠭᠠᠨ ᠦᠵᠡᠵᠤ ᠪᠠᠶᠢᠭ᠎ᠠ ᠨᠢ᠃

      ᠰᠦᠨ ᠱᠤᠤ ᠴᠧᠩ ᠡᠩ ᠲᠡᠷᠢᠭᠦᠨ ᠳᠤ ᠴᠡᠭᠡ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠲᠣᠮᠣ ᠠᠰᠠᠷ᠂ ᠬᠦᠷᠢᠶᠡᠯᠡᠨ ᠪᠢᠳᠡᠬᠦᠮᠵᠢᠯᠡᠭᠰᠡᠨ ᠠᠵᠢᠯᠯᠠᠬᠤ ᠭᠠᠵᠠᠷ ᠲᠤ ᠬᠦᠷᠴᠤ᠂ ᠬᠢᠯᠢ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ᠂ ᠪᠣᠭᠤᠮᠲᠠ ᠥᠩᠭᠡᠷᠡᠬᠦ ᠶᠢ ᠰᠡᠷᠬᠦᠬᠡᠬᠦ ᠪᠡᠯᠡᠳᠭᠡᠯ ᠠᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠪᠣᠭᠤᠮᠲᠠ ᠪᠠᠷ ᠥᠩᠭᠡᠷᠡᠬᠦ ᠡᠯ᠎ᠡ ᠵᠦᠶᠯ ᠤᠨ ᠪᠡᠯᠡᠳᠭᠡᠯ ᠠᠵᠢᠯ ᠢ ᠱᠠᠯᠠᠪᠳᠠᠨ ᠰᠠᠶᠢᠲᠤᠷ ᠬᠢᠵᠦ᠂ ᠡᠷᠲᠡᠬᠡᠨ ᠪᠥᠬᠦ ᠲᠠᠯ᠎ᠠ ᠪᠠᠷ ᠨᠡᠭᠡᠭᠡᠯᠲᠡ ᠬᠢᠬᠦ ᠪᠠᠷ ᠴᠢᠷᠮᠠᠶᠢᠵᠤ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠠᠵᠢᠯᠯᠠᠭᠠᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

2.jpg

 

      5 ᠰᠠᠷ᠎ᠠ ᠶᠢᠨ 17 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠯᠠᠱᠠ ᠵᠡᠬᠦᠨ ᠬᠤᠰᠢᠭᠤᠨ ᠳᠤ ᠦᠪᠤᠷ ᠮᠤᠩᠭᠤᠯ ᠤᠨ ᠪᠠᠶᠠᠨ ᠰᠢᠨ᠎ᠠ ᠡᠨᠧᠷᠬᠢ ᠶᠢᠨ ᠬᠢᠵᠠᠭᠠᠷᠳᠤ ᠺᠤᠮᠫᠠᠨᠢ ᠶᠢᠨ ᠰᠢᠨ᠎ᠠ ᠡᠨᠧᠷᠬᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ ᠵᠢᠴᠢ ᠭᠡᠷᠡᠯᠴᠢ ᠴᠡᠨᠡᠭ ᠢᠶᠠᠷ ᠡᠯᠡᠰᠤ ᠶᠢ ᠵᠠᠰᠠᠬᠰᠡᠨ ᠪᠠᠶᠢᠳᠠᠯ ᠢ ᠰᠢᠨᠵᠢᠯᠡᠨ ᠪᠠᠶᠢᠴᠠᠭᠠᠵᠤ ᠪᠠᠶᠢᠭ᠎ᠠ ᠨᠢ᠃

      ᠰᠦᠨ ᠱᠤᠤ ᠴᠧᠩ ᠦᠰᠤᠷᠦᠩᠬᠦᠶ ᠭᠠᠴᠠᠭᠠᠨ ᠤ ᠮᠠᠯᠴᠢᠨ᠂ ᠡᠬᠢᠨ ᠬᠤᠳᠳᠤᠭ ᠭᠠᠴᠠᠭᠠᠨ ᠤ ᠪᠠᠶᠠᠵᠢᠯ ᠤᠨ ᠳᠠᠭᠠᠭᠤᠯᠤᠭᠴᠢ ᠪᠣᠯᠤᠨ ᠪᠠᠶᠠᠨ ᠲᠣᠬᠤᠶ ᠰᠤᠮᠤᠨ ᠤ ᠪᠠᠶᠢᠭᠤᠯᠭ᠎ᠠ ᠳᠤ ᠬᠦᠷᠴᠦ᠂ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠭᠡᠷ ᠲᠡᠭᠡᠨ ᠬᠡᠳᠦᠢ ᠮᠦ ᠪᠡᠯᠴᠢᠭᠡᠷ ᠲᠠᠢ ᠪᠠᠶᠢᠬᠤ᠂ ᠬᠡᠳᠦᠢ ᠨᠥᠬᠦᠪᠥᠷᠢ ᠣᠯᠵᠤ ᠳᠡᠶᠢᠯᠬᠦ᠂ ᠠᠷᠠᠳ ᠤᠨ ᠰᠠᠭᠤᠴᠠ ᠶᠢᠨ ᠵᠢᠭᠤᠯᠴᠢᠯᠠᠯ ᠤᠨ ᠣᠷᠣᠯᠭ᠎ᠠ ᠶᠢᠨ ᠡᠵᠡᠯᠡᠬᠦ ᠬᠠᠷᠢᠴᠠᠯ ᠬᠡᠳᠦᠢ ᠶᠡᠭᠡ ᠪᠠᠶᠢᠬᠤ᠂ ᠪᠠᠰᠠ ᠶᠠᠮᠠᠷ ᠶᠠᠮᠠᠷ ᠣᠷᠣᠯᠭ᠎ᠠ ᠶᠢᠨ ᠢᠷᠡᠯᠳᠡ ᠲᠠᠢ ᠪᠠᠶᠢᠬᠤ᠂ ᠮᠠᠯᠴᠢᠳ ᠤᠨ ᠭᠡᠷ ᠲᠤ ᠰᠦᠨ ᠱᠤᠤ ᠴᠧᠩ ᠤᠯᠠᠨ ᠲᠠᠢ ᠣᠷᠣᠯᠭ᠎ᠠ ᠶᠢᠨ ᠳᠠᠩᠰᠠ ᠶᠢ ᠨᠢᠭᠡᠳ ᠨᠢᠭᠡ ᠪᠠᠷ ᠪᠤᠳᠤᠵᠠᠢ᠃ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠨᠢ ᠢᠷᠡᠯᠳᠡ ᠲᠠᠢ᠂ ᠪᠠᠶᠠᠵᠢᠬᠤ ᠳᠤ ᠠᠷᠭ᠎ᠠ ᠵᠠᠮ ᠲᠠᠢ᠂ ᠠᠮᠢᠳᠤᠷᠠᠯ ᠨᠢ ᠬᠦᠰᠡᠯ ᠡᠷᠡᠮᠡᠯᠵᠡᠯ ᠲᠠᠢ ᠪᠠᠶᠢᠬᠤ ᠶᠢ ᠣᠶᠢᠯᠠᠭᠠᠵᠤ ᠮᠡᠳᠡᠭᠡᠳ ᠰᠦᠨ ᠱᠤᠤ ᠴᠧᠩ ᠮᠠᠰᠢ ᠪᠠᠶᠠᠷᠯᠠᠵᠤ᠂ ᠲᠡᠳᠡᠨ ᠤ ᠠᠮᠢᠳᠤᠷᠠᠯ ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠥᠩᠨᠡᠪᠡ᠃

      ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠪᠣᠯ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠤᠨ᠎ᠠ᠃ ᠰᠦᠨ ᠱᠤᠤ ᠴᠧᠩ ᠰᠤᠪᠤᠷᠭ᠎ᠠ ᠨᠠᠭᠤᠷ ᠬᠡᠷᠡᠯᠴᠢ ᠴᠡᠨᠡᠭ ᠤᠨ ᠴᠠᠬᠢᠯᠭᠠᠨ ᠥᠷᠲᠡᠭᠡ᠂ ᠡᠸ ᠯᠢᠩ ᠴᠠᠬᠢᠯᠭᠠᠨ ᠬᠦᠴᠦᠨ ᠤ ᠺᠣᠮᠫᠠᠨᠢ᠂ ᠪᠠᠶᠠᠨ ᠰᠢᠨ᠎ᠡ ᠡᠨᠧᠷᠭᠢ ᠶᠢᠨ ᠺᠣᠮᠫᠠᠨᠢ ᠶᠢᠨ ᠲᠥᠷᠥᠯ ᠵᠦᠶᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠡᠷᠡᠯᠴᠢ ᠴᠡᠨᠡᠭ ᠢᠶᠠᠷ ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ ᠪᠠᠶᠢᠴᠠᠭᠠᠨ ᠦᠵᠡᠪᠡ᠃ ᠪᠡᠯᠡ ᠣᠷᠣᠭᠤᠯᠤᠭᠰᠠᠨ ᠬᠡᠮᠵᠢᠶ᠎ᠡ ᠨᠢ ᠬᠡᠳᠦᠶ ᠪᠠᠶᠢᠬᠤ᠂ ᠡᠵᠡᠯᠡᠭᠰᠡᠨ ᠭᠠᠵᠠᠷ ᠨᠢ ᠬᠡᠳᠦᠶ ᠶᠡᠭᠡ ᠪᠠᠶᠢᠬᠤ᠂ ᠭᠠᠵᠠᠷ ᠰᠢᠷᠣᠶ ᠲᠦᠷᠢᠶᠡᠰᠦᠯᠡᠬᠦ ᠨᠢ ᠶᠠᠮᠠᠷ ᠪᠠᠷᠢᠮᠵᠢᠶ᠎ᠠ ᠲᠠᠢ ᠪᠠᠶᠢᠬᠤ᠂ ᠠᠰᠢᠭ ᠭᠠᠶᠢᠯᠢ ᠪᠠ ᠦᠷ᠎ᠡ ᠠᠰᠢᠭ ᠨᠢ ᠶᠠᠮᠠᠷ ᠵᠡᠷᠭᠡ ᠪᠠᠶᠢᠬᠤ᠂ ᠬᠦᠷᠦᠭᠰᠡᠨ ᠭᠠᠵᠠᠷ ᠪᠣᠯᠭᠠᠨ ᠳᠠᠭᠠᠨ ᠳᠡᠷᠡ ᠪᠦᠷ ᠨᠠᠷᠢᠨ ᠠᠰᠠᠭᠤᠯᠳᠠ ᠲᠠᠯᠪᠢᠵᠤ ᠪᠠᠶᠢᠯ᠎ᠠ᠃ ᠰᠦᠨ ᠱᠤᠤ ᠴᠧᠩ᠂ ᠰᠢᠨ᠎ᠡ ᠡᠨᠧᠷᠭᠢ ᠶᠢ ᠬᠥᠭᠵᠢᠭᠦᠯᠬᠦ ᠳᠤ ᠡᠷᠬᠡᠪᠰᠢ ᠠᠷᠭ᠎ᠠ ᠬᠡᠯᠪᠡᠷᠢ ᠪᠠᠨ ᠬᠤᠪᠢᠷᠠᠭᠤᠯᠵᠥ᠂ ᠬᠡᠪᠴᠢᠶ᠎ᠡ ᠶᠢ ᠡᠷᠬᠢᠮᠯᠡᠬᠦ ᠪᠠᠷ ᠪᠠᠷᠠᠬᠤ ᠦᠭᠡᠢ ᠪᠠᠰᠠ ᠦᠷ᠎ᠡ ᠠᠰᠢᠭ ᠢ ᠡᠷᠬᠢᠮᠯᠡᠵᠦ᠂ ᠢᠳᠡᠪᠬᠢᠲᠡᠢ ᠪᠠᠷ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ ᠬᠡᠷᠡᠭᠳᠡᠢ᠂ ᠳᠥᠭᠦᠮ ᠳᠥᠲᠡ ᠪᠣᠯᠭᠠᠬᠤ ᠪᠤᠶᠤ ᠠᠮᠤᠷ ᠢ ᠪᠤᠳᠤᠵᠥ ᠪᠣᠯᠬᠤ ᠦᠭᠡᠢ᠂ ᠦᠷ᠎ᠡ ᠬᠤᠶᠢᠴᠢᠰ ᠲᠠᠭᠠᠨ ᠥᠪ ᠬᠦᠷᠦᠩᠭᠡ ᠦᠯᠡᠳᠡᠭᠡᠵᠦ ᠥᠭᠬᠦ ᠬᠡᠷᠡᠭᠲᠡᠢ ᠬᠡᠵᠥ ᠴᠢᠬᠤᠯᠠᠴᠢᠯᠠᠪᠠ᠃

      ᠰᠦᠨ ᠱᠤᠤ ᠴᠧᠩ ᠪᠠᠰᠠ ᠰᠤᠪᠠᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠣᠷᠣᠨ ᠪᠣᠯᠤᠨ ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ ᠳᠤ ᠬᠦᠷᠴᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠪᠣᠯᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃

      ᠡᠨᠡ ᠬᠤᠭᠤᠴᠠᠭᠠᠨ ᠳᠤ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠯᠠᠱᠠ ᠠᠶᠢᠮᠠᠭ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠭᠢᠭᠡᠤᠨ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠶᠢᠨ ᠬᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠦᠨ ᠱᠤᠤ ᠴᠧᠩ᠂ ᠱᠠᠯᠠᠪᠳᠠᠨ ᠲᠦᠷᠬᠡᠨ ᠠᠵᠢᠯᠯᠠᠵᠤ᠂ ᠮᠥᠷᠳᠡᠨ ᠦᠷ᠎ᠡ ᠪᠦᠲᠦᠮᠵᠢ ᠶᠢ ᠠᠰᠠᠭᠤᠵᠤ᠂ ᠡᠯ᠎ᠡ ᠲᠦᠷᠦᠯ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠡᠯ᠎ᠡ ᠲᠦᠷᠦᠯ ᠤᠨ ᠲᠦᠭᠵᠢᠷᠡᠯ ᠢ ᠬᠦᠴᠦᠯᠡᠨ ᠨᠡᠪᠲᠡᠷᠡᠭᠦᠯᠵᠦ ᠦᠭᠭᠦ ᠬᠡᠷᠡᠭᠳᠡᠢ᠂ ᠬᠦᠯᠢᠶᠡᠬᠦ ᠪᠠ ᠤᠳᠠᠭᠠᠰᠢᠷᠠᠭᠤᠯᠵᠤ ᠪᠣᠯᠬᠤ ᠦᠭᠡᠢ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠦᠯ ᠵᠦᠢᠯ ᠤᠷᠤᠭᠤᠯᠬᠤ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠂ ︽ᠰᠠᠭᠰᠤᠨ ᠳᠤ ᠤᠷᠤᠭᠤᠯᠤᠭᠰᠠᠨ ᠨᠢ ᠪᠦᠷ ᠨᠣᠭᠤᠭ᠎ᠠ︾ ᠬᠡᠬᠦ ᠬᠠᠭᠤᠴᠢᠨ ᠠᠷᠭ᠎ᠠ ᠪᠠᠷ ᠶᠠᠪᠤᠵᠥ ᠪᠣᠯᠬᠤ ᠦᠭᠡᠢ᠂ ᠦᠷ᠎ᠡ ᠬᠤᠶᠢᠴᠢᠰ ᠤᠨ ᠢᠶᠠᠨ ᠠᠶᠠᠭ᠎ᠠ ᠶᠢ ᠬᠠᠭᠠᠯᠬᠤ᠂ ᠦᠷ᠎ᠡ ᠬᠤᠶᠢᠴᠢᠰ ᠤᠨ ᠢᠶᠠᠨ ᠵᠠᠮ ᠢ ᠲᠠᠰᠤᠯᠬᠤ ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃ ᠠᠷᠪᠢᠯᠠᠨ ᠭᠠᠮᠨᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠭᠠᠵᠠᠷ ᠰᠢᠷᠣᠢ᠂ ᠤᠰᠤ᠂ ᠡᠨᠧᠷᠭᠢ ᠵᠡᠷᠭᠡ ᠡᠯ᠎ᠡ ᠲᠦᠷᠦᠯ ᠤᠨ ᠦᠢᠯᠡᠳᠪᠦᠷᠢᠯᠡᠯ ᠤᠨ ᠡᠯᠧᠮᠧᠨ᠋ᠲ ᠢ ᠭᠦᠢᠴᠡᠳ ᠰᠠᠶᠢᠲᠤᠷ ᠠᠰᠢᠭᠯᠠᠵᠤ᠂ ᠡᠬᠢ ᠪᠠᠶᠠᠯᠢᠭ ᠢ ᠦᠴᠦᠭᠡᠨ ᠴᠦ ᠪᠦᠷᠢᠯᠭᠡᠨ ᠰᠦᠢᠳᠭᠡᠵᠦ ᠪᠣᠯᠬᠤ ᠦᠭᠡᠢ᠂ ᠳᠥᠭᠦᠮ ᠪᠦᠳᠦᠭᠦᠯᠢᠭ᠂ ᠦᠷ᠎ᠡ ᠠᠰᠢᠭ ᠢ ᠴᠢᠬᠤᠯᠠᠴᠢᠯᠠᠬᠤ ᠦᠭᠡᠢ ᠦᠵᠡᠯᠲᠡ ᠪᠠ ᠬᠢᠳᠡᠯ ᠢ ᠬᠦᠴᠦᠯᠡᠨ ᠬᠤᠪᠢᠷᠠᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠯᠭᠠᠨ ᠬᠢᠨᠠᠬᠤ ᠶᠢ ᠴᠢᠩᠭᠠᠳᠬᠠᠵᠤ᠂ ᠡᠯ᠎ᠡ ᠱᠠᠲᠤᠨ ᠤ ᠬᠢᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠡᠷᠴᠢᠮ ᠲᠠᠢ ᠡᠮᠬᠢ ᠵᠢᠷᠤᠮ ᠲᠠᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ ᠶᠠᠷᠢᠯᠴᠠᠬᠤ ᠬᠤᠷᠠᠯ ᠳᠤ ᠣᠷᠣᠯᠴᠠᠵᠤ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ