ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠭᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ  ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/20

      5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃


0520自治区党委召开学习贯彻习近平总书记在庆祝中国共产主义青年团成立100周年大会上的重要讲话精神座谈会 孙绍骋出席并讲话.jpg


0520自治区党委召开学习贯彻习近平总书记在庆祝中国共产主义青年团成立100周年大会上的重要讲话精神座谈会 孙绍骋出席并讲话2.jpg


      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ ᠶᠠᠷᠢᠯᠴᠠᠬᠤ ᠬᠤᠷᠠᠯ ᠢ ᠡᠷᠬᠢᠯᠡᠵᠦ᠂ ᠢᠤᠢ ᠯᠢ ᠰᠢᠨ ᠣᠷᠣᠯᠴᠠᠵᠠᠢ᠃
      ᠬᠤᠷᠠᠯ ᠳᠡᠭᠡᠷ᠎ᠡ᠂ ᠡᠪᠯᠡᠯ ᠤᠨ ᠺᠠᠳ᠋ᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠲᠥᠯᠥᠭᠡᠯᠡᠭᠴᠢ ᠸᠠᠩ ᠵᠢᠶᠦ᠋ᠨ ᠪᠥᠸᠧ᠂ ᠡᠸ ᠴᠢᠶᠦ᠋ᠩ᠂ ᠯᠢᠦ ᠰᠢᠶᠤᠤ ᠢᠤᠢ᠂ ᠬᠥᠩ ᠵᠧ᠂ ᠰᠢᠤᠢ ᠰᠢᠶᠤᠤ ᠭᠠᠩ ᠤᠷᠢᠳ ᠬᠤᠵᠢᠳ ᠦᠭᠡ ᠬᠡᠯᠡᠵᠦ᠂ ᠠᠳᠠᠯᠢ ᠪᠤᠰᠤ ᠬᠠᠷᠠᠭᠠᠰᠤ ᠠᠴᠠ ᠰᠤᠷᠤᠯᠴᠠᠭᠰᠠᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠦᠰᠦᠨ ᠪᠣᠶᠢᠵᠢᠭᠰᠠᠨ ᠲᠥᠷᠥᠭᠳᠡᠯ ᠢᠶᠠᠨ ᠬᠤᠪᠢᠶᠠᠯᠴᠠᠵᠥ᠂ ᠰᠢᠨ᠎ᠡ ᠠᠶᠠᠨ ᠳᠤ ᠰᠢᠷᠭᠠᠭᠤ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠵᠤ᠂ ᠭᠠᠪᠢᠶ᠎ᠠ ᠵᠢᠳᠬᠦᠯ ᠪᠠᠶᠢᠭᠤᠯᠵᠤ ᠦᠶᠯᠡᠰ ᠪᠦᠲᠦᠭᠡᠬᠦ ᠢᠲᠡᠭᠡᠯ ᠵᠣᠷᠢᠭ ᠢᠶᠠᠨ ᠢᠯᠡᠳᠭᠡᠪᠡ᠃


0520自治区党委召开学习贯彻习近平总书记在庆祝中国共产主义青年团成立100周年大会上的重要讲话精神座谈会 孙绍骋出席并讲话3.jpg


0520自治区党委召开学习贯彻习近平总书记在庆祝中国共产主义青年团成立100周年大会上的重要讲话精神座谈会 孙绍骋出席并讲话4.jpg


      ᠦᠬᠡ ᠬᠡᠯᠡᠬᠦ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ ᠰᠦᠨ ᠱᠤᠤ ᠴᠧᠩ᠂ ᠤᠯᠠᠨ ᠤ ᠪᠡᠶ᠎ᠡ ᠳᠡᠭᠡᠷ᠎ᠡ ᠠᠴᠠ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠵᠠᠯᠠᠭᠤᠴᠤᠳ ᠤᠨ ᠴᠤᠭ ᠪᠠᠳᠠᠷᠠᠩᠭᠤᠢ᠂ ᠥᠭᠡᠳᠡᠷᠬᠡᠭ ᠪᠤᠶᠠᠨᠰᠠᠬ ᠤᠶᠤᠨ ᠰᠠᠨᠠᠭᠠᠨ ᠤ ᠳᠦᠷᠰᠦ ᠪᠠᠶᠢᠳᠠᠯ ᠢ ᠣᠯᠵᠤ ᠬᠠᠷᠠᠯ᠎ᠠ᠂ ᠪᠢ ᠤᠯᠠᠨ ᠤ ᠡᠷᠡᠯᠬᠡᠭᠯᠡᠨ ᠲᠡᠮᠡᠴᠡᠭᠰᠡᠨ ᠢ ᠮᠠᠭᠲᠠᠨ ᠰᠠᠶᠢᠰᠢᠶᠠᠵᠤ ᠪᠠᠶᠢᠨ᠎ᠠ᠃ ᠵᠠᠯᠠᠭᠤᠴᠤᠳ ᠪᠣᠯ ᠤᠯᠤᠰ ᠣᠷᠣᠨ ᠤ ᠨᠢᠷᠤᠭᠤ ᠲᠤᠯᠭᠠᠭᠤᠷᠢ᠂ ᠦᠨᠳᠦᠰᠦᠲᠡᠨ ᠤ ᠢᠷᠡᠭᠡᠳᠦᠢ ᠮᠥᠨ᠂ ᠮᠠᠨ ᠤ ᠨᠠᠮ ᠶᠡᠷᠦ ᠠᠴᠠ ᠵᠠᠯᠠᠭᠤᠴᠤᠳ ᠢ ᠲᠤᠶᠢᠯ ᠢᠶᠠᠷ ᠬᠠᠯᠠᠮᠵᠢᠯᠠᠨ ᠬᠠᠶᠢᠷᠠᠯᠠᠵᠤ᠂ ᠵᠠᠯᠠᠭᠤ ᠨᠢᠭᠡ ᠦᠶ᠎ᠡ ᠶᠢᠨ ᠬᠢᠨ ᠳᠤ ᠮᠠᠰᠢ ᠶᠡᠭᠡ ᠬᠦᠰᠡᠯ ᠡᠷᠡᠮᠡᠯᠵᠡᠯ ᠲᠠᠯᠪᠢᠳᠠᠭ᠃ ᠪᠥᠬᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠪᠠ ᠰᠤᠷᠭᠠᠯ ᠢ ᠪᠠᠲᠤ ᠴᠡᠭᠡᠵᠢᠯᠡᠵᠦ᠂ ︽ᠳᠥᠷᠪᠡᠨ ᠢᠮᠠᠭᠲᠠ ᠪᠤᠯᠬᠤ︾ ᠪᠠ ︽ᠲᠠᠪᠤᠨ ᠵᠢᠱᠢᠶᠡᠴᠢ ᠪᠣᠯᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠶ ᠠᠵᠢᠯᠯᠠᠨ ᠴᠥᠬᠦᠷᠡᠰᠢ ᠥᠬᠡᠶ ᠲᠡᠮᠡᠴᠡᠵᠦ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠪᠡ᠃
      ᠰᠦᠨ ᠱᠤᠤ ᠴᠧᠩ᠂ ᠰᠢᠨ᠎ᠡ ᠴᠠᠭ ᠦᠶ᠎ᠡ ᠶᠢᠨ ᠥᠷᠭᠡᠨ ᠤᠯᠠᠨ ᠵᠠᠯᠠᠭᠤᠴᠤᠳ ᠴᠠᠬ ᠲᠠᠭᠠᠨ ᠳᠤᠬᠢᠶᠠᠵᠥ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠷᠡᠰ ᠭᠤᠶᠢᠪᠢᠰᠢ ᠦᠭᠡᠢ ᠪᠠᠷ ᠦᠨᠳᠦᠰᠦᠲᠡᠨ ᠤ ᠰᠡᠷᠭᠦᠨ ᠮᠠᠨᠳᠤᠯᠲᠠ ᠳᠤ ᠵᠠᠮ ᠳᠡᠪᠢᠰᠴᠦ ᠬᠥᠭᠦᠷᠭᠡ ᠲᠠᠯᠪᠢᠵᠤ᠂ ᠡᠬᠡ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦ ᠪᠠᠨ ᠡᠷᠬᠦᠵᠥ᠂ ᠬᠡᠬᠦᠳᠡᠭ ᠴᠡᠭᠡᠵᠢᠨ ᠳᠡᠭᠡᠨ ︽ᠶᠡᠭᠡ ᠶᠢ ᠪᠤᠳᠤᠬᠤ︾ ᠤᠯᠤᠰ ᠢᠶᠠᠨ ᠬᠠᠶᠢᠷᠠᠯᠠᠬᠤ ᠵᠠᠯᠠᠭᠤᠴᠤᠳ ᠪᠣᠯᠬᠤ ᠬᠡᠷᠡᠭᠲᠡᠢ᠃ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠥᠭᠡᠷᠡᠴᠢᠯᠡᠯᠲᠡ ᠬᠥᠭᠵᠢᠯᠲᠡ ᠶᠢᠨ ᠡᠮᠦᠨ᠎ᠡ ᠹᠷᠣᠨᠲ ᠲᠤ ᠢᠯᠡᠭᠦᠦ ᠬᠦᠷᠴᠦ ᠳᠠᠪᠲᠠᠯᠲᠠ ᠶᠢ ᠥᠩᠭᠡᠷᠡᠭᠡᠵᠦ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢᠨ ᠳᠤᠮᠳᠠ ᠢᠯᠡᠬᠦᠦ ᠳᠠᠪᠲᠠᠭᠳᠠᠨ ᠪᠣᠯᠪᠠᠰᠤᠷᠠᠵᠤ᠂ ᠬᠠᠷᠢᠭᠤᠴᠠᠯᠭ᠎ᠠ ᠡᠭᠦᠷᠭᠡᠯᠡᠯ ᠲᠠᠢ ᠵᠢᠳᠬᠦᠯ ᠴᠢᠷᠮᠠᠶᠢᠯᠭ᠎ᠠ ᠲᠠᠢ ᠵᠠᠯᠠᠭᠤᠴᠤᠳ ᠪᠣᠯᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠷᠤᠭᠤ ᠭᠡᠳᠡᠶᠢᠵᠦ ᠴᠡᠬᠡᠵᠢ ᠳᠡᠨᠡᠶᠢᠨ ᠡᠮᠦᠨ᠎ᠡ ᠨᠢ ᠭᠠᠪᠰᠢᠭᠠᠶᠢᠯᠠᠵᠤ᠂ ᠵᠣᠷᠢᠭᠲᠠᠢ ᠪᠠᠷ ᠪᠠᠶᠢᠯᠳᠤᠵᠤ ᠢᠯᠠᠯᠲᠠ ᠤᠯᠬᠤ ᠰᠢᠯᠢᠳᠡᠭ ᠵᠠᠯᠠᠭᠤᠴᠤᠳ ᠪᠣᠯᠬᠤ ᠬᠡᠷᠡᠭᠲᠡᠢ᠃ ᠲᠡᠮᠡᠴᠡᠯ ᠢᠶᠠᠨ ᠠᠳᠠᠯᠢᠳᠬᠠᠵᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠵᠦ᠂ ᠬᠠᠷᠢᠭᠤᠴᠠᠯᠭ᠎ᠠ ᠶᠢᠨ ᠲᠥᠯᠥᠭᠡ ᠵᠣᠪᠠᠭᠤᠷᠢ ᠵᠦᠳᠡᠭᠦᠷᠢ ᠶᠢ ᠠᠮᠰᠠᠵᠤ᠂ ᠬᠦᠰᠡᠯ ᠵᠡᠭᠦᠳᠦ ᠶᠢᠨ ᠲᠥᠯᠥᠭᠡ ᠵᠣᠪᠠᠭᠤᠷᠢ ᠵᠦᠳᠡᠭᠦᠷᠢ ᠶᠢ ᠠᠮᠰᠠᠵᠤ᠂ ᠠᠷᠠᠳ ᠲᠦᠮᠡᠨ ᠤ ᠲᠥᠯᠥᠭᠡ ᠵᠣᠪᠠᠭᠤᠷᠢ ᠵᠦᠳᠡᠭᠦᠷᠢ ᠶᠢ ᠠᠮᠰᠠᠵᠤ ᠴᠢᠳᠠᠬᠤ᠂ ᠡᠷᠡᠮᠡᠬᠡᠶᠢᠯᠡᠨ ᠤᠷᠤᠬᠰᠢᠯᠠᠬᠤ ᠪᠣᠳᠠᠲᠠᠢ ᠠᠵᠢᠯ ᠬᠢᠳᠡᠭ ᠵᠠᠯᠠᠭᠤᠴᠤᠳ ᠪᠣᠯᠬᠤ ᠬᠡᠷᠡᠭᠲᠡᠢ᠃ ᠰᠡᠳᠭᠢᠯ ᠰᠠᠨᠠᠭ᠎ᠠ ᠪᠠᠨ ᠲᠥᠪ ᠪᠣᠯᠭᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠠᠷᠢᠭᠤᠨ ᠴᠢᠬᠡᠴᠢ ᠪᠤᠶᠠᠨᠰᠠᠬ ᠰᠡᠳᠬᠢᠯ ᠲᠠᠢ ᠵᠠᠯᠠᠭᠤᠴᠤᠳ ᠪᠣᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
      ᠰᠦᠨ ᠱᠤᠤ ᠴᠧᠩ᠂ ᠪᠦᠬᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠵᠦ᠂ ᠬᠦᠳᠦᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢᠶᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠬᠦᠴᠦᠯᠡᠨ ᠴᠢᠩᠭᠠᠳᠬᠠᠵᠤ᠂ ᠬᠡᠶᠢᠰᠪᠦᠷᠢ ᠵᠤᠶᠢᠯ ᠢ ᠪᠣᠳᠠᠲᠠᠢ ᠪᠠᠷ ᠬᠢᠬᠦ ᠶᠢ ᠪᠠᠷᠢᠮᠲᠠᠯᠠᠵᠤ᠂ ᠦᠬᠦᠮᠡᠯ ᠢᠶᠠᠷ ᠬᠡᠯᠡᠵᠥ ᠰᠤᠷᠭᠠᠬᠤ᠂ ᠬᠤᠭᠤᠰᠤᠨ ᠶᠣᠰᠣ ᠶᠠᠷᠢᠬᠤ ᠶᠢ ᠡᠷᠡᠰ ᠴᠡᠭᠡᠷᠯᠡᠬᠦ ᠬᠡᠷᠡᠭᠲᠡᠢ᠃ ᠲᠥᠪ ᠪᠣᠯᠤᠨ ᠶᠡᠭᠡ ᠲᠠᠯ᠎ᠠ ᠳᠤ ᠦᠢᠯᠡᠴᠢᠯᠡᠬᠦ ᠶᠢᠨ ᠲᠣᠭᠤᠷᠢᠨ ᠳᠤ ᠡᠪᠯᠡᠯ ᠤᠨ ᠠᠵᠢᠯ ᠢ ᠲᠥᠯᠥᠪᠵᠢᠭᠦᠯᠦᠨ ᠠᠬᠢᠭᠤᠯᠵᠤ᠂ ᠶᠡᠭᠡ ᠲᠠᠯ᠎ᠠ ᠶᠢᠨ ᠬᠡᠷᠡᠭᠴᠡᠭᠡ ᠪᠣᠯᠤᠨ ᠵᠠᠯᠠᠭᠤᠴᠤᠳ ᠤᠨ ᠬᠦᠰᠡᠯ ᠰᠠᠨᠠᠭ᠎ᠠ ᠶᠢ ᠰᠠᠶᠢᠲᠤᠷ ᠵᠣᠯᠭᠠᠭᠤᠯᠵᠤ᠂ ᠠᠵᠢᠯ ᠢᠶᠠᠨ ᠪᠠᠶᠢᠩᠭᠤᠵᠢᠭᠤᠯᠤᠨ ᠰᠠᠶᠢᠲᠤᠷ ᠬᠢᠬᠦ ᠬᠡᠷᠡᠭᠲᠡᠢ᠃ ᠵᠠᠯᠠᠭᠤᠴᠤᠳ ᠲᠠᠢ ᠬᠠᠷᠢᠯᠴᠠᠵᠤ ᠵᠠᠯᠠᠭᠤᠴᠤᠳ ᠲᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠵᠠᠯᠠᠭᠤᠴᠤᠳ ᠤᠨ ᠪᠤᠳᠤᠵᠦ ᠰᠡᠳᠬᠢᠵᠥ ᠪᠠᠶᠢᠭ᠎ᠠ ᠵᠦᠢᠯ ᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠵᠠᠯᠠᠭᠤᠴᠤᠳ ᠤᠨ ᠪᠠᠴᠢᠮᠳᠠᠵᠥ ᠬᠦᠰᠡᠵᠦ ᠪᠠᠶᠢᠭ᠎ᠠ ᠵᠦᠢᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠦᠨᠡᠨ ᠰᠡᠳᠭᠢᠯ ᠠᠴᠠ ᠪᠠᠨ ᠵᠠᠯᠠᠭᠤᠴᠤᠳ ᠤᠨ ᠨᠠᠶᠢᠵᠠ ᠪᠤᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ ᠪᠠᠷ ᠵᠠᠯᠠᠭᠤᠴᠤᠳ ᠲᠠᠢ ᠨᠢᠭᠲᠠᠷᠠᠨ ᠪᠦᠯᠬᠦᠮᠳᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠴᠢᠬᠤᠯᠠᠴᠢᠯᠠᠵᠤ᠂ ᠵᠠᠯᠠᠭᠤᠴᠤᠳ ᠤᠨ ᠴᠢᠳᠠᠪᠤᠷᠢᠲᠠᠨ ᠪᠣᠯᠬᠤ ᠶᠢ ᠵᠣᠷᠢᠭᠵᠢᠭᠤᠯᠬᠤ᠂ ᠵᠠᠯᠠᠭᠤᠴᠤᠳ ᠤᠨ ᠬᠥᠭᠵᠢᠯᠲᠡ ᠶᠢ ᠳᠡᠮᠵᠢᠬᠦ ᠦᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃


 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ