ᠸᠠᠩ ᠯᠢ ᠰᠢᠶᠠ ᠬᠥᠯᠥᠨ ᠪᠤᠶᠢᠷ ᠬᠤᠳᠠ ᠪᠣᠯᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/20


      5 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠯᠥᠨ ᠪᠤᠶᠢᠷ ᠬᠤᠳᠠ ᠪᠣᠯᠤᠨ ᠬᠢᠩᠭᠠᠨ ᠠᠶᠢᠮᠠᠭ ᠲᠤ ᠬᠠᠪᠤᠷ ᠤᠨ ᠲᠠᠷᠢᠶᠠᠯᠠᠭ᠎ᠠ᠂ ᠠᠮᠤ ᠪᠤᠳᠠᠭᠠᠨ ᠤ ᠠᠮᠤᠷ ᠲᠦᠪᠰᠢᠨ᠂ ᠰᠣᠶᠣᠯ ᠵᠢᠭᠤᠯᠴᠢᠯᠠᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃
      ᠸᠠᠩ ᠯᠢ ᠰᠢᠶᠠ ᠤᠷᠢᠳ ᠬᠤᠵᠢᠳ ᠵᠠᠯᠠᠨ ᠠᠶᠢᠯ ᠬᠤᠳᠠ ᠶᠢᠨ ᠴᠢᠩᠭᠢᠰ ᠬᠠᠭᠠᠨ ᠪᠠᠯᠭᠠᠰᠤᠨ ᠤ ᠲᠠᠷᠢᠶᠠᠯᠠᠩ ᠤᠨ ᠬᠤᠷᠰᠢᠶ᠎ᠠ᠂ ᠠᠷᠤᠨ ᠬᠤᠰᠢᠭᠤᠨ ᠤ ᠰᠢᠨ ᠹᠠ ᠰᠢᠶᠠᠩ ᠤᠨ ᠲᠠᠷᠢᠮᠠᠯ ᠤᠨ ᠦᠢᠯᠡᠰ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠭᠡᠳᠦ ᠪᠠᠯᠭᠠᠰᠤ᠂ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠳᠤ ᠭᠦᠨᠵᠡᠭᠡᠶᠢᠷᠡᠵᠦ᠂ ᠲᠠᠷᠢᠶᠠᠨ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ ᠮᠡᠷᠭᠡᠵᠢᠯᠲᠡᠨ ᠠᠴᠠ ᠠᠰᠠᠭᠤᠵᠤ᠂ ᠲᠠᠷᠢᠶᠠᠨ ᠦᠷ᠎ᠡ ᠶᠢ ᠨᠢ ᠦᠵᠡᠵᠦ᠂ ᠤᠷᠭᠤᠴᠠ ᠶᠢᠨ ᠪᠠᠶᠢᠳᠠᠯ ᠢ ᠨᠢ ᠪᠠᠶᠢᠴᠠᠭᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠲᠠᠷᠢᠵᠤ ᠪᠠᠶᠢᠭ᠎ᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠲᠠᠷᠢᠮᠠᠯ ᠤᠨ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠯᠠᠩ ᠤᠨ ᠲᠦᠷᠦᠯ ᠲᠡᠮᠳᠡᠭ ᠢ ᠪᠣᠶᠢᠵᠢᠭᠤᠯᠵᠤ᠂ ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠵᠤ᠂ ᠰᠢᠷ᠎ᠠ ᠪᠤᠷᠴᠠᠭ ᠢ ᠥᠷᠭᠡᠳᠭᠡᠨ ᠲᠠᠷᠢᠬᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠲᠠᠷᠢᠶᠠᠴᠢᠳ ᠤᠨ ᠬᠢᠷᠢ ᠲᠡᠩᠴᠡᠭᠰᠡᠨ᠂ ᠴᠢᠨᠠᠷ ᠰᠠᠶᠢᠲᠠᠶ᠂ ᠰᠠᠨᠠᠭ᠎ᠠ ᠠᠮᠤᠷ ᠲᠠᠷᠢᠶᠠᠨ ᠡᠮ᠂ ᠬᠢᠮᠢ ᠶᠢᠨ ᠪᠣᠷᠳᠣᠭᠤᠷ ᠪᠣᠯᠤᠨ ᠦᠷ᠎ᠡ ᠬᠤᠳᠠᠯᠳᠤᠨ ᠠᠪᠬᠤ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠪ ᠤᠨ ᠶᠣᠰᠣᠭᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃

1.jpg


2.jpg


3.jpg


      5 ᠰᠠᠷ᠎ᠠ ᠶᠢᠨ 19 ᠤ ᠡᠳᠦᠷ ᠪᠣᠯ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠪᠣᠯᠤᠨ᠎ᠠ᠃ ᠲᠤᠬᠠᠶ ᠶᠢᠨ ᠡᠳᠦᠷ᠂ ᠸᠠᠩ ᠯᠢ ᠰᠢᠶᠠ ᠷᠠᠰᠢᠶᠠᠨ ᠬᠤᠲᠠ ᠳᠤ ᠬᠦᠷᠴᠦ᠂ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠵᠢᠴᠢ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ 15 ᠠᠵᠤ ᠠᠬᠤᠶᠢᠯᠠᠯᠲᠠᠨ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠥᠪᠥᠷ ᠮᠣᠩᠭᠤᠯ ᠤᠨ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠬᠠᠮᠲᠤ ᠪᠠᠷ ᠵᠥᠪᠳᠡᠯᠴᠡᠪᠡ᠃ 11 ᠠᠵᠤ ᠠᠬᠤᠶᠢᠯᠠᠯᠲᠠᠨ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠥᠪᠥᠷ ᠮᠣᠩᠭᠤᠯ ᠤᠨ ᠵᠢᠭᠤᠯᠴᠢᠯᠠᠯ ᠤᠨ ᠦᠶᠯᠡᠰ ᠢ ᠬᠥᠭᠵᠢᠯᠲᠡ ᠶᠢᠨ ᠲᠠᠯ᠎ᠠ ᠪᠠᠷ ᠥᠷ᠎ᠠ ᠪᠥᠳᠥᠮᠵᠢ ᠭᠠᠷᠭᠠᠵᠥ᠂ ᠵᠢᠭᠤᠯᠴᠢᠯᠠᠯ ᠤᠨ ᠥᠢᠯᠡᠰ ᠤᠨ ᠬᠥᠭᠵᠢᠯᠳᠠ ᠶᠢᠨ ᠢᠷᠡᠭᠡᠳᠤᠢ ᠶᠢ ᠴᠤᠬᠴᠠᠯᠠᠭᠤᠰᠢᠳᠠᠢ᠃ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠢᠭᠤᠳᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠠᠮ ᠢᠶᠠᠷ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠥᠷᠥᠯ ᠲᠡᠮᠳᠡᠭᠵᠢᠭᠦᠯᠬᠦ ᠵᠠᠮ ᠢᠶᠠᠷ ᠵᠠᠮᠨᠠᠵᠤ᠂ ᠬᠤᠷᠳᠤᠴᠠ ᠪᠠᠨ ᠲᠦᠷᠭᠡᠳᠭᠡᠵᠦ ᠪᠠᠷᠢᠮᠵᠢᠶ᠎ᠠ ᠪᠠᠨ ᠳᠡᠭᠡᠭᠰᠢᠯᠡᠭᠦᠯᠦᠨ ᠵᠢᠭᠤᠯᠴᠢᠯᠠᠯ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠣᠨᠴᠠᠯᠢᠭᠲᠤ ᠶᠠᠰᠤ ᠴᠢᠨᠠᠷ᠂ ᠰᠣᠶᠣᠯ ᠢ ᠪᠡᠶᠡᠴᠢᠯᠡᠨ ᠣᠶᠢᠯᠠᠭᠠᠬᠤ᠂ ᠠᠵᠤ ᠦᠶᠯᠡᠰ ᠢ ᠠᠭᠤᠰᠤᠯᠴᠠᠭᠤᠯᠬᠤ᠂ ᠠᠵᠤ ᠠᠬᠤᠶᠢᠯᠠᠯ ᠢ ᠬᠥᠲᠥᠯᠥᠨ ᠪᠣᠶᠢᠵᠢᠭᠤᠯᠬᠤ᠂ ᠦᠶᠯᠡᠴᠢᠯᠡᠭᠡ ᠶᠢ ᠳᠡᠭᠡᠭᠰᠢᠯᠡᠭᠦᠯᠬᠦ᠂ ᠤᠬᠠᠭᠤᠯᠤᠨ ᠪᠣᠷᠣᠯᠠᠭᠤᠯᠬᠤ ᠵᠢᠷᠭᠤᠭᠠᠨ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠥᠪᠥᠷ ᠮᠣᠩᠭᠤᠯ ᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠥᠨᠳᠦᠷᠯᠢᠭ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠴᠢᠨᠠᠷ ᠰᠠᠶᠢᠲᠠᠶ ᠠᠬᠢᠭᠤᠯᠵᠤ᠂ ᠥᠨᠳᠥᠷ ᠲᠦᠪᠰᠢᠨ ᠢᠶᠠᠷ ᠴᠣᠭᠴᠠᠯᠠᠵᠤ᠂ ᠦᠵᠡᠯ ᠰᠠᠨᠠᠭ᠎ᠠ ᠪᠠᠨ ᠨᠢᠭᠡᠳᠭᠡᠵᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠪᠠᠷ ᠲᠣᠯᠢ ᠪᠣᠯᠭᠠᠵᠤ᠂ ᠣᠨᠴᠠᠯᠢᠭ ᠢᠶᠠᠨ ᠳᠣᠪᠣᠶᠢᠯᠭᠠᠵᠤ᠂ ᠠᠵᠢᠯ ᠢᠶᠠᠨ ᠨᠠᠷᠢᠯᠢᠭᠵᠢᠭᠤᠯᠵᠤ᠂ ᠵᠦᠶᠯ ᠳᠠᠷᠠᠭᠠᠯᠠᠨ ᠨᠠᠶᠢᠳᠠᠪᠤᠷᠢᠵᠢᠭᠤᠯᠵᠤ᠂ ᠵᠣᠷᠢᠭ ᠰᠢᠭᠤᠳᠴᠤ ᠪᠠᠶᠢᠭᠠᠳ ᠷᠠᠰᠢᠶᠠᠨ ᠢ ᠤᠯᠤᠰ ᠤᠨ ᠲᠠᠰ ᠴᠢᠨᠠᠭᠰᠢᠯᠠᠪᠠᠯ ᠳᠡᠯᠡᠬᠡᠶ ᠶᠢᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃

4.jpg


6.jpg

5.jpg


      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠠᠷᠤᠨ ᠬᠤᠰᠢᠭᠤᠨ ᠤ ᠰᠢᠨ ᠹᠠ ᠳᠠᠬᠢ ᠰᠣᠯᠣᠩᠭᠤᠰ ᠦᠨᠳᠦᠰᠦᠲᠡᠨ ᠤ ᠰᠢᠶᠠᠩ ᠤᠨ ᠳ᠋ᠦᠩ ᠭᠤᠸᠠᠩ ᠲᠣᠰᠬᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠬᠤᠷᠢᠶᠠᠨ ᠤ ᠠᠵᠢᠯᠯᠠᠵᠤ ᠪᠠᠶᠢᠬᠰᠡᠨ ᠬᠠᠭᠤᠴᠢᠨ ᠪᠠᠭᠤᠷᠢ᠂ ᠬᠢᠩᠭᠠᠨ ᠠᠶᠢᠮᠠᠭ ᠤᠨ ᠢᠯᠢ ᠰᠦ ᠶᠢᠨ ᠦᠶᠯᠡᠰ ᠤᠨ ᠺᠣᠮᠫᠠᠨᠢ᠂ ᠡᠤ ᠯᠠᠨ ᠲᠠᠢ ᠠᠨ ᠺᠣᠮᠫᠠᠨᠢ ᠪᠣᠯᠤᠨ ᠬᠢᠩᠭᠠᠨ ᠠᠶᠢᠮᠠᠭ ᠤᠨ ᠶᠡᠷᠦᠩᠬᠡᠶᠢᠯᠡᠨ ᠵᠠᠰᠠᠬᠤ ᠵᠢᠯᠣᠭᠤᠳᠬᠤ ᠲᠥᠪ ᠲᠤ ᠬᠦᠷᠴᠦ᠂ ᠲᠥᠷᠥᠯ ᠵᠦᠶᠯ ᠤᠨ ᠠᠬᠢᠴᠠ ᠪᠣᠯᠤᠨ ᠤᠶᠤᠨᠲᠤ ᠬᠤᠲᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃

7.jpg

8.jpg

9.jpg


      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠠᠮᠲᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ