|
ᠰᠢ ᠶᠢᠨ ᠫᠢᠩ ᠹᠢᠯᠢᠫᠢᠨ ᠤ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠮᠠᠺᠧᠰ ᠲᠠᠢ ᠤᠲᠠᠰᠤ ᠪᠠᠷ ᠶᠠᠷᠢᠯᠴᠠᠪᠠ |
|
|
ᠨᠡᠶᠢᠲᠡᠯᠡᠭᠰᠡᠨ ᠴᠠᠭ᠄
2022/5/20
|
|
ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 18 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 18 ᠤ ᠦᠳᠡ ᠶᠢᠨ ᠡᠮᠦᠨ᠎ᠡ ᠹᠢᠯᠢᠫᠢᠨ ᠤ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠮᠠᠺᠧᠰ ᠲᠠᠢ ᠤᠲᠠᠰᠤ ᠪᠠᠷ ᠶᠠᠷᠢᠯᠴᠠᠪᠠ᠃ ᠰᠢ ᠶᠢᠨ ᠫᠢᠩ ᠮᠠᠺᠧᠰ ᠤᠨ ᠹᠢᠯᠢᠫᠢᠨ ᠤ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠲᠠ ᠳᠤᠮᠳᠠᠳᠤ ᠹᠢᠯᠢᠫᠢᠨ ᠤ ᠬᠠᠷᠢᠯᠴᠠᠭ᠎ᠠ ᠶᠢᠨ ᠬᠥᠭᠵᠢᠯᠲᠡ ᠶᠢᠨ ᠶᠠᠪᠤᠴᠠ ᠳᠤ ᠪᠡᠶ᠎ᠡ ᠪᠠᠷ ᠢᠶᠠᠨ ᠣᠷᠣᠯᠴᠠᠨ ᠭᠡᠷᠡᠴᠢᠯᠡᠵᠦ᠂ ᠳᠤᠮᠳᠠᠳᠤ ᠹᠢᠯᠢᠫᠢᠨ ᠤ ᠨᠥᠬᠦᠷᠯᠡᠯ ᠤᠨ ᠪᠦᠳᠦᠭᠡᠨ ᠪᠠᠶᠢᠭᠤᠯᠤᠭᠴᠢ᠂ ᠳᠡᠮᠵᠢᠭᠴᠢ᠂ ᠠᠬᠢᠭᠤᠯᠤᠭᠴᠢ ᠪᠣᠯᠬᠤ ᠶᠤᠮ᠃ ᠹᠢᠯᠢᠫᠢᠨ ᠳᠤ ︽ᠶᠠᠪᠤᠵᠤ ᠢᠷᠡᠭᠰᠡᠨ ᠵᠠᠮ ᠢᠶᠠᠨ ᠮᠡᠳᠡᠬᠦ ᠦᠭᠡᠢ ᠪᠣᠯ ᠠᠯᠤᠰ ᠤᠨ ᠵᠠᠮ ᠢ ᠵᠣᠷᠢᠵᠤ ᠴᠢᠳᠠᠬᠤ ᠦᠭᠡᠢ︾ ᠭᠡᠰᠡᠨ ᠮᠡᠷᠭᠡᠨ ᠦᠭᠡ ᠪᠠᠶᠢᠳᠠᠭ᠃ ᠪᠢᠳᠡ ᠳᠤᠮᠳᠠᠳᠤ ᠹᠢᠯᠢᠫᠢᠨ ᠤ ᠨᠥᠬᠦᠷᠯᠡᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠤᠭ ᠰᠠᠨᠠᠭ᠎ᠠ ᠪᠠᠨ ᠦᠯᠥ ᠮᠠᠷᠲᠠᠵᠤ᠂ ᠶᠡᠭᠡ ᠬᠠᠨᠳᠤᠰᠢ ᠶᠢ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠹᠢᠯᠢᠫᠢᠨ ᠤ ᠨᠥᠬᠦᠷᠯᠡᠯ ᠤᠨ ᠶᠡᠭᠡ ᠵᠣᠬᠢᠶᠠᠯ ᠢ ᠰᠠᠶᠢᠲᠤᠷ ᠪᠢᠴᠢᠭᠯᠡᠵᠦ᠂ ᠳᠤᠮᠳᠠᠳᠤ ᠹᠢᠯᠢᠫᠢᠨ ᠤ ᠨᠥᠬᠦᠷᠰᠡᠭ ᠬᠠᠮᠲᠤᠷᠠᠯᠴᠠᠭᠠᠨ ᠤ ︽ᠠᠯᠤᠰ ᠤᠨ ᠲᠥᠯᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ︾᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃ ᠰᠢ ᠶᠢᠨ ᠫᠢᠩ᠂ ᠥᠩᠭᠡᠷᠡᠭᠰᠡᠨ 6 ᠵᠢᠯ ᠳᠤ᠂ ᠳᠤᠮᠳᠠᠳᠤ ᠹᠢᠯᠢᠫᠢᠨ ᠬᠤᠶᠠᠷ ᠲᠠᠯ᠎ᠠ ᠪᠠᠷ ᠢᠶᠠᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ ᠶᠢ ᠪᠠᠷᠢᠮᠲᠠᠯᠠᠵᠤ᠂ ᠭᠠᠷ ᠬᠤᠯᠪᠣᠨ ᠬᠠᠮᠲᠤ ᠪᠠᠷ ᠬᠥᠭᠵᠢᠵᠦ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠪᠠ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠵᠥᠪᠳᠡᠯᠴᠡᠭᠡ ᠬᠢᠬᠦ ᠪᠠᠷ ᠳᠠᠮᠵᠢᠨ ᠵᠥᠷᠢᠯᠳᠦᠭᠡᠨ ᠢᠶᠠᠨ ᠪᠦᠲᠦᠮᠵᠢᠲᠡᠢ ᠬᠠᠮᠢᠶᠠᠷᠤᠨ ᠡᠵᠡᠮᠳᠡᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠳᠤᠮᠳᠠᠳᠤ ᠹᠢᠯᠢᠫᠢᠨ ᠤ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ᠂ ᠳᠤᠮᠳᠠᠳᠤ ᠹᠢᠯᠢᠫᠢᠨ ᠤ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠳᠤ ᠨᠡᠶᠢᠴᠡᠨ᠎ᠡ ᠭᠡᠳᠡᠭ ᠢ ᠪᠣᠳᠠᠲᠤ ᠶᠠᠪᠤᠳᠠᠯ ᠭᠡᠷᠡᠴᠢᠯᠡᠪᠡ᠃ ᠳᠤᠮᠳᠠᠳᠤ ᠤᠯᠤᠰ ᠢᠮᠠᠭᠲᠠ ᠹᠢᠯᠢᠫᠢᠨ ᠢ ᠬᠦᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠵᠤ᠂ ᠹᠢᠯᠢᠫᠢᠨ ᠯᠦᠭᠡ ᠶᠢᠨ ᠨᠥᠬᠦᠷᠰᠡᠭ ᠲᠥᠷᠥ ᠶᠢᠨ ᠪᠣᠳᠣᠯᠭ᠎ᠠ ᠪᠠᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠲᠠᠢ ᠪᠠᠶᠢᠯᠭᠠᠨ᠎ᠠ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠯᠦᠭᠡ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠨᠧᠷᠭᠢ᠂ ᠰᠤᠷᠭᠠᠨ ᠬᠥᠮᠦᠵᠢᠯ ᠵᠡᠷᠭᠡ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠤᠨ ᠲᠣᠭᠤᠷᠢᠨ ᠳᠤ᠂ ᠬᠢᠵᠢᠭ ᠲᠠᠢ ᠲᠡᠮᠡᠴᠡᠬᠦ ᠪᠠ ᠬᠢᠵᠢᠭ ᠤᠨ ᠳᠠᠷᠠᠭᠠᠬᠢ ᠰᠡᠷᠭᠦᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ ᠪᠠᠶᠢᠭ᠎ᠠ ᠬᠠᠮᠲᠤᠷᠠᠯᠴᠠᠭ᠎ᠠ ᠪᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ ᠠᠭᠤᠳᠠᠯᠵᠤ᠂ ᠬᠤᠶᠠᠷ ᠤᠯᠤᠰ ᠪᠣᠯᠤᠨ ᠭᠠᠵᠠᠷ ᠣᠷᠣᠨ ᠤ ᠬᠥᠭᠵᠢᠯ ᠮᠠᠨᠳᠤᠯ ᠢ ᠠᠬᠢᠭᠤᠯᠤᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠹᠢᠯᠢᠫᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠡ ᠭᠡᠵᠤ ᠵᠢᠭᠠᠵᠤ ᠭᠠᠷᠭᠠᠪᠠ᠃ ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠤᠷᠢᠳ ᠡᠮᠦᠨ᠎ᠡ ᠪᠠᠶᠢᠭ᠎ᠠ ᠦᠭᠡᠢ ᠪᠤᠯᠵᠤ᠂ ᠡᠩᠬᠡ ᠲᠠᠶᠢᠪᠤᠩ ᠪᠣᠯᠤᠨ ᠠᠮᠤᠷ ᠲᠦᠪᠰᠢᠨ ᠰᠢᠨ᠎ᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠹᠢᠯᠢᠫᠢᠨ ᠪᠣᠯ ᠴᠥᠮ ᠠᠽᠢᠶ᠎ᠠ ᠲᠢᠪ ᠤᠨ ᠬᠥᠭᠵᠢᠵᠦ ᠪᠠᠶᠢᠭ᠎ᠠ ᠤᠯᠤᠰ ᠮᠥᠨ᠂ ᠬᠤᠶᠠᠷ ᠤᠯᠤᠰ ᠤᠨ ᠬᠥᠭᠵᠢᠯᠲᠡ ᠨᠢ ᠡᠶᠡᠯᠳᠡᠭ ᠬᠥᠷᠰᠢ ᠶᠢᠨ ᠨᠥᠬᠦᠷᠰᠡᠭ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠨᠳᠦᠰᠦᠯᠡᠵᠦ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠠᠽᠢᠶ᠎ᠠ ᠲᠢᠪ ᠤᠨ ᠶᠡᠭᠡ ᠬᠡᠷ ᠪᠦᠯᠢ ᠳᠤ ᠦᠨᠳᠦᠰᠦᠯᠡᠭᠰᠡᠨ ᠶᠤᠮ᠃ ᠹᠢᠯᠢᠫᠢᠨ ᠤ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠬᠢᠨ ᠲᠠᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃ ᠮᠠᠺᠧᠰ ᠳᠤᠮᠳᠠᠳᠤ ᠤᠯᠤᠰ ᠯᠤᠭ᠎ᠠ ᠶᠢᠨ ᠨᠥᠬᠦᠷᠰᠡᠭ ᠶᠠᠪᠤᠯᠴᠠᠭ᠎ᠠ ᠪᠠᠨ ᠡᠷᠭᠢᠴᠡᠭᠦᠯᠵᠦ᠂ ᠹᠢᠯᠢᠫᠢᠨ ᠤ ᠠᠷᠠᠳ ᠲᠦᠮᠡᠨ ᠳᠤᠮᠳᠠᠳᠤ ᠤᠯᠤᠰ ᠢ ᠬᠠᠮᠤᠭ ᠤᠨ ᠴᠢᠬᠤᠯᠠ ᠬᠠᠨᠢᠲᠠᠨ ᠤ ᠨᠢᠭᠡ ᠭᠡᠵᠦ ᠦᠵᠡᠵᠦ ᠪᠠᠶᠢᠨ᠎ᠠ᠃ ᠹᠢᠯᠢᠫᠢᠨ ᠤ ᠰᠢᠨ᠎ᠡ ᠵᠠᠰᠠᠭ ᠤᠨ ᠣᠷᠳᠣᠨ ᠹᠢᠯᠢᠫᠢᠨ ᠳᠤᠮᠳᠠᠳᠤ ᠶᠢᠨ ᠬᠠᠷᠢᠯᠴᠠᠭ᠎ᠠ ᠶᠢ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠲᠠᠢ ᠴᠢᠭᠯᠡᠯ ᠪᠣᠯᠭᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠡᠨᠧᠷᠭᠢ᠂ ᠰᠣᠶᠣᠯ᠂ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠨᠢᠭᠲᠠᠷᠠᠭᠤᠯᠤᠨ᠎ᠠ᠃ ᠪᠢ ᠹᠢᠯᠢᠫᠢᠨ ᠳᠤᠮᠳᠠᠳᠤ ᠶᠢᠨ ᠬᠠᠷᠢᠯᠴᠠᠭ᠎ᠠ ᠶᠢᠨ ᠢᠷᠡᠭᠡᠳᠦᠢ ᠶᠢᠨ ᠨᠡᠩ ᠰᠠᠶᠢᠨ᠂ ᠨᠡᠩ ᠡᠷᠴᠢᠮᠲᠡᠢ ᠬᠥᠭᠵᠢᠯᠲᠡ ᠳᠤ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠹᠢᠯᠢᠫᠢᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠳᠤ ᠲᠠᠰᠤᠷᠠᠯᠳᠠ ᠦᠭᠡᠢ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|