ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠭᠤᠣᠯ ᠪᠣᠯᠬᠤ ᠰᠣᠨᠢᠨ ᠮᠡᠳᠡᠭᠡᠨ ᠤ ᠨᠢᠭᠡᠴᠢ ᠪᠠ ᠦᠪᠡᠷᠲᠡᠭᠡᠨ ᠵᠠᠰᠠᠬᠤ ᠤᠷᠤᠨ ᠤ ᠭᠤᠣᠯ ᠪᠣᠯᠬᠤ ᠰᠣᠨᠢᠨ ᠮᠡᠳᠡᠭᠡᠨ ᠤ ᠨᠢᠭᠡᠴᠢ ᠪᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2022/5/23

      5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠭᠤᠣᠯ ᠪᠣᠯᠬᠤ ᠰᠣᠨᠢᠨ ᠮᠡᠳᠡᠭᠡᠨ ᠤ ᠨᠢᠭᠡᠴᠢ ᠪᠠ ᠦᠪᠡᠷᠲᠡᠭᠡᠨ ᠵᠠᠰᠠᠬᠤ ᠤᠷᠤᠨ ᠤ ᠭᠤᠣᠯ ᠪᠣᠯᠬᠤ ᠰᠣᠨᠢᠨ ᠮᠡᠳᠡᠭᠡᠨ ᠤ ᠨᠢᠭᠡᠴᠢ ᠪᠠᠷ ᠲᠤᠭᠤᠷᠢᠨ ᠦᠵᠡᠵᠦ᠂ ᠵᠠᠭᠤᠴᠢᠯᠠᠭᠤᠷ ᠤᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠰᠣᠯᠢᠯᠴᠠᠵᠤ᠂ ᠬᠤᠯᠪᠣᠭᠳᠠᠯ ᠪᠥᠬᠦᠶ ᠪᠠᠶᠢᠳᠠᠯ ᠢ ᠭᠦᠨᠵᠡᠭᠡᠶ ᠣᠶᠢᠯᠠᠭᠠᠪᠠ᠃

1.jpg


2.jpg


3.jpg


      ᠰᠦᠨ ᠱᠤᠤ ᠴᠧᠩ ᠤᠷᠢᠳ ᠬᠤᠵᠢᠳ ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠪᠣᠯᠤᠨ ᠲᠥᠪ ᠤᠨ ᠷᠠᠳᠢᠣ᠋ ᠲᠧᠯᠸᠢᠰ ᠶᠡᠷᠦᠩᠬᠡᠢ ᠬᠤᠷᠢᠶ᠎ᠠ ᠶᠢᠨ ᠥᠪᠥᠷ ᠮᠣᠩᠭᠤᠯ ᠳᠠᠬᠢ ᠶᠡᠷᠦᠩᠬᠡᠢ ᠥᠷᠲᠡᠭᠡ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠲᠠᠨᠤᠰ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠨᠡᠪᠲᠡᠷᠡᠯᠴᠡᠭᠡ ᠤᠷᠤᠭᠰᠢᠲᠠᠶ ᠪᠠᠶᠢᠬᠤ ᠡᠰᠡᠬᠦ᠂ ᠠᠵᠢᠯ ᠤᠨ ᠳᠤᠮᠳᠠ ᠪᠠᠨ ᠬᠠᠪᠰᠤᠷᠤᠨ ᠰᠢᠶᠳᠪᠦᠷᠢᠯᠡᠬᠦ ᠴᠢᠬᠤᠯᠠᠲᠠᠢ ᠬᠦᠴᠢᠷᠳᠡᠯ ᠪᠠᠶᠢᠬᠤ ᠡᠰᠡᠬᠦ ᠲᠤᠬᠠᠢ ᠠᠰᠠᠭᠤᠨ ᠯᠠᠪᠯᠠᠵᠤ ᠪᠠᠶᠢᠪᠠ᠃ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠵᠠᠭᠤᠴᠢᠯᠠᠭᠤᠷ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠢᠯ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠲᠠ ᠨᠠᠷ ᠤᠨ ᠥᠪᠥᠷ ᠮᠣᠩᠭᠤᠯ ᠢ ᠭᠠᠳᠠᠭᠰᠢ ᠪᠠᠨ ᠢᠯᠡᠭᠦᠬᠡᠨ ᠲᠠᠨᠢᠯᠴᠠᠭᠤᠯᠬᠤ ᠳᠤ ᠬᠠᠪᠰᠤᠷᠤᠯᠭ᠎ᠠ ᠦᠵᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢ ᠢᠯᠡᠭᠦᠬᠡᠨ ᠵᠤᠷᠢᠬᠵᠢᠭᠤᠯᠵᠤ ᠡᠷᠴᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠪᠢᠳᠡ ᠵᠠᠭᠤᠴᠢᠯᠠᠭᠤᠷ ᠤᠨ ᠬᠢᠨᠠᠯᠲᠠ ᠲᠠᠯᠪᠢᠵᠤ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠢ ᠬᠠᠪᠰᠤᠷᠤᠨ ᠠᠰᠠᠭᠤᠳᠠᠯ ᠢ ᠢᠯᠡᠷᠡᠭᠦᠯᠦᠨ ᠠᠵᠢᠯ ᠢ ᠰᠠᠶᠢᠵᠢᠷᠠᠭᠤᠯᠬᠤ ᠶᠢ ᠴᠢᠩ ᠰᠡᠳᠭᠢᠯ ᠠᠴᠠ ᠪᠠᠨ ᠪᠡᠶᠡᠷᠯᠡᠨ ᠤᠭᠲᠤᠵᠤ ᠪᠠᠶᠢᠨ᠎ᠠ ᠭᠡᠵᠦ ᠬᠡᠯᠡᠪᠡ᠃

4.jpg


5.jpg


      ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠤᠤ ᠴᠧᠩ᠂ ᠰᠣᠨᠢᠨ ᠮᠡᠳᠡᠭᠡᠨ ᠤ ᠵᠠᠭᠤᠴᠢᠯᠠᠭᠤᠷ ᠪᠣᠯ ᠨᠠᠮ ᠪᠣᠯᠤᠨ ᠠᠷᠠᠳ ᠲᠦᠮᠡᠨ ᠤ ᠳᠠᠭᠤᠨ ᠬᠤᠭᠤᠯᠠᠢ ᠮᠥᠨ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ ᠶᠤᠮ᠃ ᠤᠯᠤᠰ ᠲᠥᠷᠥ ᠶᠢ ᠡᠷᠬᠢᠮᠯᠡᠵᠦ᠂ ᠵᠥᠪ ᠤᠯᠤᠰ ᠲᠥᠷᠥ ᠶᠢᠨ ᠴᠢᠭᠯᠡᠯ ᠪᠣᠯᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠰᠠᠶᠢᠳᠤᠷ ᠤᠬᠠᠭᠤᠯᠵᠦ ᠬᠦᠲᠦᠯᠦᠨ ᠵᠢᠯᠣᠭᠤᠳᠬᠤ ᠬᠡᠷᠡᠭᠲᠡᠶ᠃ ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠳᠠᠪᠠᠭᠤᠯᠢᠭ ᠪᠣᠯᠤᠨ ᠬᠢᠯᠠᠰ ᠴᠡᠭ ᠢ ᠰᠠᠶᠢᠲᠤᠷ ᠤᠬᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠰᠠᠶᠢᠲᠤᠷ ᠤᠬᠠᠭᠤᠯᠵᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠵᠣᠬᠢᠶᠠᠯ ᠤᠨ ᠰᠤᠷᠲᠠᠯ ᠢᠶᠠᠨ ᠰᠠᠶᠢᠵᠢᠷᠠᠭᠤᠯᠵᠤ᠂ ︽ᠣᠬᠤᠷ᠂ ᠪᠣᠳᠠᠲᠠᠢ᠂ ᠰᠢᠨ᠎ᠡ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠣᠬᠤᠷ ᠦᠭᠡ ᠶᠠᠷᠢᠵᠤ᠂ ᠣᠬᠤᠷ ᠵᠣᠬᠢᠶᠠᠯ ᠪᠢᠴᠢᠵᠦ᠂ ᠮᠢᠨᠦ ᠠᠵᠢᠯᠯᠠᠭ᠎ᠠ ᠶᠢᠨ ᠲᠤᠬᠠᠢ ᠮᠡᠳᠡᠭᠡᠯᠡᠯ ᠬᠡᠳᠦᠢ ᠣᠬᠤᠷ ᠪᠣᠯ ᠲᠡᠳᠦᠢ ᠰᠠᠶᠢᠨ᠂ ᠬᠥᠮᠦᠰ ᠲᠤ ᠶᠠᠭᠤ ᠬᠢᠭᠰᠡᠨ ᠢ ᠮᠡᠳᠡᠭᠦᠯᠪᠡᠯ ᠪᠤᠯᠴᠢᠬᠠᠨ᠎ᠠ᠂ ᠨᠡᠩ ᠤᠯᠠᠨ ᠨᠢᠭᠤᠷ ᠬᠡᠪᠯᠡᠯ ᠨᠡᠪᠳᠡᠷᠡᠬᠦᠯᠬᠡ ᠶᠢᠨ ᠴᠠᠭ ᠢ ᠠᠷᠠᠳ ᠤᠯᠠᠨ ᠳᠤ ᠦᠯᠡᠳᠡᠭᠡᠵᠦ ᠥᠭᠬᠦ ᠬᠡᠷᠡᠭᠲᠡᠢ︔ ᠦᠨᠡᠨ ᠦᠭᠡ ᠬᠡᠯᠡᠵᠦ᠂ ᠪᠣᠳᠠᠲᠤ ᠪᠠᠶᠢᠳᠠᠯ ᠢ ᠦᠬᠦᠯᠡᠵᠤ᠂ ᠦᠨᠳᠦᠰᠦᠨ ᠱᠠᠲᠤᠨ ᠤ ᠪᠠᠶᠢᠳᠠᠯ ᠢ ᠦᠨᠡᠨ ᠮᠥᠨ ᠢᠶᠠᠷ ᠨᠢ ᠲᠤᠰᠬᠠᠵᠤ᠂ ᠥᠪᠡᠷ ᠢᠶᠠᠨ ᠴᠤ ᠢᠲᠡᠭᠡᠬᠦ ᠦᠭᠡᠢ ᠦᠭᠡ ᠶᠢ ᠪᠤᠯ ᠬᠡᠯᠡᠬᠦ ᠬᠡᠷᠡᠭ ᠦᠬᠡᠢ︔ ᠦᠭᠡ ᠬᠡᠯᠡᠨ ᠤ ᠢᠯᠡᠳᠬᠡᠪᠦᠷᠢ ᠶᠢᠨ ᠰᠢᠨ᠎ᠡ ᠶᠢ ᠡᠭᠦᠳᠴᠦ᠂ ᠤᠯᠤᠰ ᠲᠦᠷᠦ ᠶᠢᠨ ᠦᠭᠡ ᠬᠡᠯᠡ᠂ ᠲᠤᠰᠬᠠᠢ ᠮᠡᠷᠭᠡᠵᠢᠯ ᠤᠨ ᠨᠡᠷ᠎ᠡ ᠲᠤᠮᠢᠶᠠᠨ ᠤ ᠦᠬᠡ ᠬᠡᠯᠡ ᠶᠢ ᠰᠣᠨᠢᠨ ᠮᠡᠳᠡᠭᠡᠨ ᠤ ᠦᠭᠡ ᠬᠡᠯᠡ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠰᠣᠨᠣᠰᠴᠤ ᠣᠶᠢᠯᠠᠭᠠᠬᠤ᠂ ᠰᠣᠨᠣᠰᠬᠤ ᠳᠤᠷᠠᠲᠠᠢ ᠡᠩ ᠤᠨ ᠦᠭᠡ ᠶᠢ ᠢᠯᠡᠭᠦᠬᠡᠨ ᠬᠡᠯᠡᠬᠦ ᠬᠡᠷᠡᠭᠳᠡᠢ᠃ ᠥᠭᠡᠷᠡᠴᠢᠯᠡᠯᠲᠡ ᠶᠢ ᠠᠳᠬᠤᠵᠤ᠂ ᠢᠨᠲ᠋ᠧᠷ ᠰᠦᠯᠵᠢᠶᠡᠨ ᠤ ᠰᠡᠳᠭᠢᠬᠦᠢ ᠪᠠᠨ ᠴᠢᠩᠭᠠᠳᠬᠠᠵᠤ᠂ ᠡᠬᠢ ᠪᠠᠶᠠᠯᠢᠭ ᠪᠣᠯᠤᠨ ᠬᠦᠴᠦᠨ ᠴᠢᠳᠠᠯ ᠢᠶᠠᠨ ᠰᠦᠯᠵᠢᠶᠡᠨ ᠳᠡᠭᠡᠷ᠎ᠡ ᠴᠢᠨᠠᠭᠰᠢᠳᠠ ᠲᠥᠪᠯᠡᠷᠡᠭᠦᠯᠵᠦ᠂ ᠭᠦᠨᠵᠡᠭᠡᠢ ᠠᠭᠤᠰᠤᠯᠴᠠᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠤᠯᠤᠰ ᠲᠦᠷᠦ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠢᠯᠡᠭᠦᠬᠡᠨ ᠠᠷᠭ᠎ᠠ ᠪᠤᠳᠤᠵᠤ᠂ ᠯᠠᠪᠳᠠᠭᠤᠨ ᠪᠠᠲᠤᠲᠠᠢ ᠠᠵᠢᠯᠯᠠᠬᠤ ᠪᠠᠷ ᠳᠠᠮᠵᠢᠭᠤᠯᠤᠨ᠂ ᠨᠠᠮ ᠤᠨ ᠵᠠᠭᠤᠴᠢᠯᠠᠭᠤᠷ ᠢ ᠨᠡᠩ ᠰᠠᠶᠢᠳᠤᠷ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠬᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ