|
ᠪᠦᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠤᠨᠢᠨ ᠳᠡᠭᠡᠷ᠎ᠡ ᠨᠢ | ᠬᠦᠴᠦᠯᠡᠵᠦ ᠪᠣᠢ |
|
|
ᠨᠡᠶᠢᠲᠡᠯᠡᠭᠰᠡᠨ ᠴᠠᠭ᠄
2022/5/23
|
|
5 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠨᠢ ᠰᠢᠢᠳᠪᠦᠷᠢᠯᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠨᠢ ᠢᠲᠡᠭᠡᠮᠵᠢᠲᠦ ᠵᠢᠭᠡᠯᠡᠯᠭᠡ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠪᠠᠷ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠦᠷᠢᠯᠡᠬᠦ ᠶᠢ ᠣᠳᠣᠬᠠᠨ ᠤ ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠨ᠂ ᠬᠦᠴᠦᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ ᠪᠣᠢ᠃ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 2.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠨ᠂ ᠵᠢᠯ ᠤᠨ ᠡᠬᠢᠨ ᠤ ᠬᠢ ᠠᠴᠠ 821.8 ᠳ᠋ᠦᠩᠰᠢᠭᠤᠷ ᠲᠥᠭᠦᠷᠢᠭ ᠨᠡᠮᠡᠭᠳᠡᠵᠦ᠂ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠪᠠ᠃ ᠡᠨᠡ ᠵᠢᠯ ᠠᠴᠠ ᠨᠠᠭᠠᠰᠢ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠵᠦᠷᠢᠶᠡᠴᠢᠯᠡᠭᠰᠡᠨ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠢᠳᠡᠪᠬᠢᠲᠡᠢ ᠪᠠᠳᠠᠷᠠᠭᠤᠯᠤᠨ᠂ ᠳᠠᠬᠢᠨ ᠵᠢᠭᠡᠯᠡᠯᠭᠡ ᠲᠠᠯᠪᠢᠵᠤ ᠳᠠᠬᠢᠨ ᠪᠡᠯᠡᠨ ᠵᠣᠭᠤᠰ ᠰᠣᠯᠢᠬᠤ ᠵᠡᠷᠭᠡ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ 4 ᠳ᠋ᠦ᠋ᠭᠡᠷ ᠰᠠᠷ᠎ᠠ ᠳᠤ ᠪᠥᠬᠦ ᠲᠠᠯ᠎ᠠ ᠪᠠᠷ ᠪᠠᠷᠢᠮᠵᠢᠶ᠎ᠠ ᠶᠢ ᠪᠠᠭᠤᠷᠠᠭᠤᠯᠬᠤ ᠪᠠᠷ ᠳᠠᠮᠵᠢᠭᠤᠯᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ 58.3 ᠳ᠋ᠦᠩᠰᠢᠭᠤᠷ ᠲᠥᠭᠦᠷᠢᠭ ᠤᠨ ᠬᠡᠷᠡᠭᠯᠡᠵᠦ ᠪᠣᠯᠬᠤ ᠪᠡᠯᠡ ᠮᠥᠩᠭᠦ ᠶᠢ ᠲᠠᠯᠪᠢᠵᠤ ᠭᠠᠷᠭᠠᠪᠠ᠃ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯ᠎ᠠ ︽ᠲᠠᠷᠢᠶᠠᠯᠠᠩ︾ ᠪᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ ᠨᠡᠶᠢᠲᠡ 43.4 ᠳ᠋ᠦᠩᠰᠢᠭᠤᠷ ᠲᠥᠭᠦᠷᠢᠭ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 103.8% ᠪᠠᠷ ᠨᠡᠮᠡᠭᠳᠡᠭᠦᠯᠦᠨ᠂ ᠳᠠᠬᠢᠨ 104.6 ᠳ᠋ᠦᠩᠰᠢᠭᠤᠷ ᠲᠥᠭᠦᠷᠢᠭ ᠤᠨ ᠪᠡᠯᠡᠨ ᠵᠣᠭᠤᠰ ᠰᠣᠯᠢᠪᠠ᠃ ᠨᠢᠭᠡᠳᠦᠭᠡᠷ ᠤᠯᠠᠷᠢᠯ ᠳᠤ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ 1446 ᠲᠦᠮᠡᠨ ᠲᠥᠭᠦᠷᠢᠭ ᠤᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠲᠠᠷᠬᠠᠭᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ 14.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠬᠤ ᠶᠢ ᠳᠠᠶᠢᠴᠢᠯᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠳᠡᠮᠵᠢᠯᠭᠡ ᠶᠢᠨ ᠪᠠᠭᠠᠵᠢ ᠶᠢ ᠬᠡᠷᠡᠭᠯᠡᠨ 44 ︵ᠤᠳᠠᠭ᠎ᠠ︶ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠶᠢᠨ 38.8 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠬᠤ ᠪᠡᠯᠡ ᠮᠥᠩᠭᠦ ᠣᠯᠬᠤ ᠶᠢ ᠳᠡᠮᠵᠢᠵᠦ᠂ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ ᠪᠦᠲᠦᠮᠵᠢᠲᠡᠶ ᠠᠰᠢᠭᠯᠠᠬᠤ ᠲᠤᠰᠬᠠᠢ ᠵᠦᠢᠯ ᠤᠨ ᠳᠠᠬᠢᠨ ᠵᠢᠭᠡᠯᠡᠯᠭᠡ ᠶᠢ ᠬᠡᠷᠡᠭᠯᠡᠨ ᠨᠡᠭᠦᠷᠡᠰᠦ᠂ ᠨᠡᠭᠦᠷᠡᠰᠦ ᠴᠠᠬᠢᠯᠭᠠᠨ ᠤ 22 ︵ᠤᠳᠠᠭ᠎ᠠ︶ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠳᠤ 35 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠬᠠᠩᠭᠠᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠡᠮᠵᠢᠯᠭᠡ ᠶᠢᠨ ᠪᠠᠭᠠᠵᠢ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠮᠵᠢᠬᠦ ᠳᠠᠬᠢᠨ ᠵᠢᠭᠡᠯᠡᠯᠭᠡ ᠲᠠᠯᠪᠢᠭᠰᠠᠨ ᠲᠤᠭ᠎ᠠ ᠲᠣᠰ ᠲᠣᠰ ᠪᠥᠬᠦ ᠤᠯᠤᠰ ᠤᠨ ᠭᠤᠷᠪᠠᠳᠤᠭᠠᠷ ᠪᠠ ᠬᠤᠶᠠᠳᠤᠭᠠᠷ ᠲᠤ ᠣᠷᠣᠪᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|