|
ᠰᠢ ᠶᠢᠨ ᠫᠢᠩ ᠵᠡᠭᠦᠨ ᠲᠢᠮᠦᠷ ᠤᠨ ᠶᠡᠷᠦᠩᠬᠡᠶᠢᠯᠡᠭᠴᠢ ᠡᠾᠤᠷᠲ᠋ᠠ ᠲᠠᠢ ᠳᠤᠮᠳᠠᠳᠤ ᠵᠡᠭᠦᠨ ᠲᠢᠮᠦᠷ ᠤᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠳᠤ | ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ ᠯᠢ ᠺᠧ ᠴᠢᠶᠠᠩ ᠵᠡᠭᠦᠨ ᠲᠢᠮᠦᠷ ᠤᠨ ᠶᠡᠷᠦᠩᠬᠡᠢ ᠰᠠᠶᠢᠳ ᠷᠦᠸᠠᠺ ᠲᠠᠢ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ |
|
|
ᠨᠡᠶᠢᠲᠡᠯᠡᠭᠰᠡᠨ ᠴᠠᠭ᠄
2022/5/23
|
|
ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 20 ᠤ ᠴᠠᠬᠢᠯᠭᠠᠨ ᠮᠡᠳᠡᠭᠡ 5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠡᠭᠦᠨ ᠲᠢᠮᠤᠷ ᠤᠨ ᠶᠡᠷᠦᠩᠬᠡᠶᠢᠯᠡᠭᠴᠢ ᠡᠾᠤᠷᠲ᠋ᠠ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠵᠡᠭᠦᠨ ᠲᠢᠮᠤᠷ ᠤᠨ ᠲᠤᠰᠠᠭᠠᠷ ᠲᠣᠭᠲᠠᠨᠢᠯ ᠢᠶᠠᠨ ᠰᠡᠷᠭᠦᠭᠡᠭᠰᠡᠨ 20 ᠵᠢᠯ ᠤᠨ ᠤᠢ ᠵᠢᠴᠢ ᠳᠤᠮᠳᠠᠳᠤ ᠵᠡᠭᠦᠨ ᠲᠢᠮᠦᠷ ᠤᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠶᠢ ᠪᠡᠯᠭᠡᠯᠡᠪᠡ᠃ ᠰᠢ ᠶᠢᠨ ᠫᠢᠩ᠂ 20 ᠵᠢᠯ ᠤᠨ ᠲᠤᠷᠰᠢ᠂ ᠵᠡᠭᠦᠨ ᠲᠢᠮᠦᠷ ᠤᠨ ᠬᠢᠨ ᠠᠵᠤ ᠠᠬᠤᠢ ᠪᠠᠨ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠳᠤᠮᠳᠠᠳᠤ ᠵᠡᠭᠦᠨ ᠲᠢᠮᠦᠷ ᠤᠨ ᠨᠥᠬᠦᠷᠯᠡᠯ ᠥᠨᠢ ᠤᠳᠠᠭᠠᠨ ᠤᠯᠠᠮᠵᠢᠯᠠᠯ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠠᠬᠢᠵᠥ᠂ ᠰᠣᠶᠣᠯ ᠢᠷᠭᠡᠨᠰᠢᠯ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠶᠠᠷ ᠤᠯᠤᠰ ᠤᠨ ᠬᠠᠷᠢᠯᠴᠠᠭ᠎ᠠ ᠡᠷᠡᠭᠦᠯ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠪᠠ᠃ ᠪᠢ ᠳᠤᠮᠳᠠᠳᠤ ᠵᠡᠭᠦᠨ ᠲᠢᠮᠦᠷ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠡᠾᠤᠷᠲ᠋ᠠ ᠲᠠᠢ ᠬᠠᠮᠲᠤ ᠪᠠᠷ ᠴᠢᠷᠮᠠᠶᠢᠵᠤ ᠳᠤᠮᠳᠠᠳᠤ ᠵᠡᠭᠦᠨ ᠲᠢᠮᠦᠷ ᠤᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠶ ᠪᠠᠶᠢᠬᠤ ᠪᠥᠬᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠶᠯᠡᠳᠦᠨᠡ ᠭᠡᠵᠦ ᠵᠢᠭᠠᠵᠤ ᠭᠠᠷᠭᠠᠪᠠ᠃ ᠡᠾᠤᠷᠲ᠋ᠠ᠂ ᠵᠡᠭᠦᠨ ᠲᠢᠮᠦᠷ ᠤᠨ ᠬᠢᠨ ᠳᠤᠮᠳᠠᠳᠤ ᠤᠯᠤᠰ ᠤᠨ ᠬᠢᠨ ᠤ ᠭᠠᠵᠠᠷ ᠣᠷᠣᠨ ᠪᠣᠯᠤᠨ ᠳᠡᠯᠡᠬᠡᠶ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠦᠵᠡᠭᠦᠯᠦᠭᠰᠡᠨ ᠵᠠᠩᠭᠢᠯᠠᠭ᠎ᠠ ᠶᠢᠨ ᠦᠶᠯᠡᠳᠦᠯ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠵᠡᠭᠦᠨ ᠲᠢᠮᠦᠷ ᠤᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠵᠡᠭᠦᠨ ᠲᠢᠮᠦᠷ ᠤᠨ ᠬᠢᠨ ᠳᠤᠮᠳᠠᠳᠤ ᠤᠯᠤᠰ ᠲᠠᠢ ᠡᠷᠡᠰ ᠪᠠᠲᠤ ᠪᠦᠯᠬᠦᠮᠳᠡᠵᠦ᠂ ᠬᠤᠶᠠᠷ ᠲᠠᠯ᠎ᠠ ᠶᠢᠨ ᠨᠥᠬᠦᠷᠯᠡᠯ ᠪᠣᠯᠤᠨ ᠬᠠᠮᠲᠤᠷᠠᠯᠴᠠᠭ᠎ᠠ ᠶᠢ ᠴᠢᠩᠭᠠᠳᠬᠠᠨ᠎ᠠ ᠭᠡᠵᠦ ᠢᠯᠡᠳᠭᠡᠪᠡ᠃ ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠡᠭᠦᠨ ᠲᠢᠮᠤᠷ ᠤᠨ ᠶᠡᠷᠦᠩᠬᠡᠢ ᠰᠠᠶᠢᠳ ᠷᠦᠸᠠᠺ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ ᠴᠢᠶᠠᠩ᠂ ᠳᠤᠮᠳᠠᠳᠤ ᠵᠡᠭᠦᠨ ᠲᠢᠮᠦᠷ ᠤᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠤᠷᠤᠭᠰᠢᠲᠠᠢ ᠬᠥᠭᠵᠢᠵᠦ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠲᠣᠭᠲᠠᠭᠤᠨ ᠢᠶᠠᠷ ᠠᠬᠢᠪᠠ᠃ ᠳᠤᠮᠳᠠᠳᠤ ᠤᠯᠤᠰ ᠵᠡᠭᠦᠨ ᠲᠢᠮᠦᠷ ᠯᠤᠭ᠎ᠠ ᠶᠢᠨ ᠨᠥᠬᠦᠷᠰᠡᠭ ᠬᠠᠮᠵᠢᠯᠴᠠᠭᠠᠨ ᠤ ᠬᠠᠷᠢᠯᠴᠠᠭ᠎ᠠ ᠪᠠᠨ ᠬᠥᠭᠵᠢᠭᠦᠯᠬᠦ ᠶᠢ ᠴᠢᠬᠤᠯᠠᠴᠢᠯᠠᠵᠤ᠂ ᠵᠡᠭᠦᠨ ᠲᠢᠮᠦᠷ ᠤᠨ ᠬᠦᠭᠵᠢᠯᠲᠡ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠨ ᠪᠤᠲᠠᠲᠠᠶᠢᠵᠢᠬᠤ ᠶᠢ ᠠᠬᠢᠭᠤᠯᠤᠨ᠎ᠠ ᠭᠡᠵᠦ ᠢᠯᠡᠳᠭᠡᠪᠡ᠃ ᠷᠦᠸᠠᠺ᠂ ᠵᠡᠭᠦᠨ ᠲᠢᠮᠤᠷ ᠳᠤᠮᠳᠠᠳᠤ ᠶᠢᠨ ᠠᠬ᠎ᠠ ᠳᠡᠭᠦᠦ ᠮᠡᠲᠦ ᠨᠥᠬᠦᠷᠯᠡᠯ ᠥᠨᠢ ᠤᠳᠠᠭᠠᠨ ᠲᠡᠦᠬᠡ ᠲᠠᠢ᠂ ᠬᠤᠶᠠᠷ ᠤᠯᠤᠰ ᠤᠨ ᠬᠠᠮᠲᠤᠷᠠᠯᠴᠠᠭ᠎ᠠ ᠦᠯᠡᠮᠵᠢ ᠶᠡᠭᠡ ᠦᠷ᠎ᠡ ᠪᠦᠲᠦᠮᠵᠢ ᠲᠠᠢ ᠶᠤᠮ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠢᠵᠢᠭ ᠤᠨ ᠳᠠᠷᠠᠭᠠᠬᠢ ᠰᠡᠷᠭᠦᠯᠲᠡ ᠶᠢᠨ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|