ᠰᠦᠨ ᠱᠣᠣ ᠴᠧᠩ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2022/5/24

      5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠥᠬᠡᠬᠤᠲᠠ ᠳᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠤ᠂ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃

1.jpg


      ᠬᠠᠷᠠᠴᠢᠨ ᠡᠯᠡᠰᠦᠨ ᠬᠤᠲᠣᠭᠤᠷ ᠴᠡᠴᠡᠷᠯᠢᠭ ᠲᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠣᠣ ᠴᠧᠩ ᠠᠷᠠᠴᠢᠯᠠᠨ ᠬᠠᠮᠠᠭᠠᠯᠠᠬᠤ ᠵᠠᠷᠤᠳᠠᠯ᠂ ᠪᠣᠳᠠᠲᠠᠢ ᠠᠰᠢᠭ ᠣᠷᠣᠯᠭ᠎ᠠ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠳᠤ ᠠᠮᠢ ᠠᠬᠤᠢ ᠶᠢᠨ ᠦᠷ᠎ᠡ ᠠᠰᠢᠭ ᠢ ᠴᠢᠬᠤᠯᠠᠴᠢᠯᠠᠬᠤ ᠪᠠᠷ ᠪᠠᠷᠠᠬᠤ ᠦᠭᠡᠢ᠂ ᠠᠵᠤ ᠠᠬᠤᠢ ᠶᠢᠨ ᠦᠷ᠎ᠡ ᠠᠰᠢᠭ ᠢ ᠴᠤ ᠴᠢᠬᠤᠯᠠᠴᠢᠯᠠᠵᠤ᠂ ᠶᠡᠷᠦᠩᠬᠡᠶᠢᠯᠡᠭᠰᠡᠨ ᠳᠠᠩᠰᠠ ᠶᠢ ᠰᠠᠶᠢᠲᠤᠷ ᠪᠣᠳᠣᠬᠤ ᠬᠡᠷᠡᠭᠲᠡᠢ ᠭᠡᠪᠡ᠃

2.jpg


3.jpg


      ᠡᠭᠦᠨ ᠤ ᠳᠠᠷᠠᠭ᠎ᠠ᠂ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠦᠨ ᠱᠣᠣ ᠴᠧᠩ᠂ ᠭᠠᠵᠠᠷ ᠰᠢᠷᠣᠢ ᠪᠣᠯ ᠡᠬᠢ ᠪᠠᠶᠠᠯᠢᠭ ᠮᠥᠷᠲᠡᠭᠡᠨ ᠡᠳ᠋ ᠬᠥᠷᠥᠩᠭᠡ ᠪᠣᠯᠣᠨ᠎ᠠ᠂ ᠥᠪᠥᠷ ᠮᠣᠩᠭᠤᠯ ᠡᠨᠡ ᠲᠠᠯ᠎ᠠ ᠪᠠᠷ ᠳᠠᠪᠠᠭᠤᠯᠢᠭ ᠲᠠᠢ᠂ ᠳᠠᠯᠳᠠ ᠬᠦᠴᠦᠨ ᠲᠠᠢ᠂ ᠶᠡᠭᠡ ᠶᠠᠪᠤᠳᠠᠯ ᠪᠦᠲᠦᠭᠡᠵᠦ ᠪᠣᠯᠣᠨ᠎ᠠ᠃ ᠭᠠᠵᠠᠷ ᠰᠢᠷᠣᠢ ᠶᠢ ᠡᠵᠡᠩᠨᠡᠬᠦ ᠣᠶᠢᠯᠠᠭᠠᠭᠳᠠᠬᠤᠨ ᠢ ᠪᠣᠢ ᠪᠣᠯᠭᠠᠵᠤ᠂ ᠭᠠᠳᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠣᠷᠣᠯᠴᠠᠨ ᠲᠣᠯᠢ ᠪᠣᠯᠭᠠᠵᠤ᠂ ᠲᠥᠷᠥ ᠶᠢᠨ ᠪᠣᠳᠣᠯᠭ᠎ᠠ ᠶᠢ ᠰᠤᠳᠤᠯᠵᠤ᠂ ᠢᠯᠡᠭᠦᠬᠡᠨ ᠠᠷᠭ᠎ᠠ ᠪᠣᠳᠣᠵᠤ᠂ ︽ᠤᠨᠲᠠᠵᠤ︾ ᠪᠠᠶᠢᠭ᠎ᠠ ᠡᠬᠢ ᠪᠠᠶᠠᠯᠢᠭ ᠢ ᠪᠦᠲᠦᠮᠵᠢᠲᠡᠢ ᠠᠮᠢᠯᠠᠭᠤᠯᠵᠤ᠂ ᠠᠰᠢᠭᠯᠠᠭᠠᠳᠤᠢ ᠭᠠᠵᠠᠷ ᠰᠢᠷᠣᠢ ᠶᠢᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠨᠢᠭᠡᠴᠢ ᠭᠠᠵᠠᠷ ᠰᠢᠷᠣᠢ ᠶᠢᠨ ᠶᠡᠭᠡ ᠦᠷ᠎ᠡ ᠠᠰᠢᠭ ᠢ ᠡᠭᠦᠳᠬᠦ ᠬᠡᠷᠡᠭᠲᠡᠢ᠃ ᠠᠷᠪᠢᠯᠠᠨ ᠭᠠᠮᠨᠠᠬᠤ ᠤᠬᠠᠮᠰᠠᠷ ᠢᠶᠠᠨ ᠴᠢᠩᠭᠠᠳᠬᠠᠵᠤ᠂ ᠭᠠᠵᠠᠷ ᠨᠤᠲᠤᠭ ᠥᠷᠭᠡᠨ ᠠᠭᠤᠳᠠᠮ ᠬᠡᠮᠡᠨ ᠭᠠᠵᠠᠷ ᠰᠢᠷᠣᠢ ᠶᠢᠨ ᠡᠬᠢ ᠪᠠᠶᠠᠯᠢᠭ ᠢ ᠨᠠᠨᠳᠢᠩᠨᠠᠬᠤ ᠦᠭᠡᠢ ᠪᠠᠶᠢᠵᠤ ᠪᠣᠯᠬᠤ ᠦᠭᠡᠢ᠂ ᠢᠮᠠᠬᠤ ᠶᠢᠨ ᠲᠡᠳᠦᠢ ᠭᠠᠵᠠᠷ ᠰᠢᠷᠣᠢ ᠶᠢ ᠴᠤ ᠪᠦᠷᠢᠯᠭᠡᠨ ᠰᠦᠢᠳᠬᠡᠵᠦ ᠪᠣᠯᠬᠤ ᠦᠭᠡᠢ᠃ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠪᠥᠬᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠪᠠᠶᠢᠬᠤ ᠶᠢ ᠪᠡᠶᠡᠯᠡᠭᠦᠯᠵᠦ᠂ ᠬᠠᠮᠠᠭᠠᠯᠠᠬᠤ ᠬᠢᠭᠡᠳ ᠨᠡᠭᠡᠭᠡᠨ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ᠂ ᠵᠠᠩ ᠱᠣᠣ ᠴᠦᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ