ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ  ᠲᠠᠢ ᠠᠭᠤᠯᠵᠠᠵᠤ ᠰᠠᠨᠠᠯ ᠢᠶᠠᠨ ᠰᠤᠯᠢᠯᠴᠠᠪᠠ
ᠨᠡᠶᠢᠲᠡᠯᠡᠭᠰᠡᠨ ᠴᠠᠭ᠄
2022/5/24

      5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠬᠤᠷᠠᠯᠳᠤᠬᠤ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠱᠤᠤ ᠴᠧᠩ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠲᠠᠢ ᠠᠭᠤᠯᠵᠠᠨ ᠰᠠᠨᠠᠯ ᠢᠶᠠᠨ ᠰᠣᠯᠢᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃


0524孙绍骋同自治区人大常委会组成人员见面交流.jpeg


      ᠰᠦᠨ ᠱᠤᠤ ᠴᠧᠩ᠂ ᠤᠢᠢᠷ᠎ᠠ ᠶᠢᠨ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠲᠠᠯ᠎ᠠ ᠶᠢᠨ ᠠᠵᠢᠯ ᠤᠨ ᠣᠯᠤᠭᠰᠠᠨ ᠠᠮᠵᠢᠯᠲᠠ ᠨᠢ ᠡᠯ᠎ᠡ ᠪᠦᠷᠢᠯᠳᠦᠬᠦᠨ ᠨᠠᠷ ᠤᠨ ᠰᠢᠷᠭᠠᠭᠤ ᠴᠢᠷᠮᠠᠶᠢᠯᠭ᠎ᠠ ᠠᠴᠠ ᠰᠠᠯᠵᠦ ᠴᠢᠳᠠᠬᠤ ᠦᠭᠡᠢ ᠶᠤᠮ᠂ ᠪᠢ ᠤᠯᠠᠨ ᠳᠤ ᠬᠦᠨᠳᠦᠳᠭᠡᠯ ᠳᠡᠪᠰᠢᠭᠦᠯᠵᠦ ᠪᠠᠶᠢᠨ᠎ᠠ᠃ ᠨᠥᠬᠦᠳ ᠨᠡᠷ ᠤᠨ ᠦᠩᠭᠡᠷᠡᠭᠰᠡᠨ ᠲᠠᠢ ᠪᠠᠨ ᠠᠳᠠᠯᠢ ᠪᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠪᠠᠶᠢᠩᠭᠤ ᠶᠢᠨ ᠬᠤᠷᠢᠶᠠᠨ ᠤ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃


0524孙绍骋同自治区人大常委会组成人员见面交流2.jpeg


      ᠰᠦᠨ ᠱᠤᠤ ᠴᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠨᠠᠮ ᠤᠨ ᠰᠠᠨᠠᠭᠠᠴᠢᠯᠠᠭ᠎ᠠ ᠪᠠ ᠵᠣᠷᠢᠯᠲᠠ ᠶᠢ ᠰᠠᠶᠢᠲᠤᠷ ᠲᠤᠭᠤᠰᠢᠯᠠᠭᠤᠯᠬᠤ ᠬᠡᠷᠡᠭᠲᠡᠢ᠃ ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠭᠡ ᠲᠠᠯ᠎ᠠ ᠪᠦᠬᠦ ᠲᠠᠯ᠎ᠠ ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠭᠦᠷᠭᠡ ᠲᠤᠰᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠬᠠᠤᠯᠢ ᠲᠣᠭᠲᠠᠭᠠᠬᠤ ᠠᠵᠢᠯ ᠨᠢ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠠᠯᠬᠤᠮ ᠢᠶᠠᠨ ᠲᠦᠷᠭᠡᠳᠭᠡᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠡᠳᠦᠨ ᠵᠦᠢᠯ ᠴᠢᠬᠤᠯᠠᠲᠠᠢ ᠪᠠᠶᠢᠪᠠᠯ ᠬᠡᠳᠦᠨ ᠵᠦᠢᠯ ᠢ ᠲᠣᠭᠲᠠᠭᠠᠵᠤ᠂ ︽ᠲᠤᠮᠤ ᠮᠥᠷᠲᠡᠭᠡᠨ ᠪᠦᠷᠢᠨ︾᠂ ︽ᠵᠢᠵᠢᠭ ᠮᠥᠷᠲᠡᠭᠡᠨ ᠪᠦᠷᠢᠨ︾ ᠪᠠᠶᠢᠬᠤ ᠶᠢ ᠬᠥᠭᠡᠭᠡᠴᠡᠯᠳᠦᠬᠦ ᠬᠡᠷᠡᠭ ᠦᠬᠡᠢ᠃ ᠶᠡᠭᠡ ᠶᠠᠪᠤᠳᠠᠯ ᠴᠢᠬᠤᠯᠠ ᠶᠠᠪᠤᠳᠠᠯ ᠪᠣᠯᠤᠨ ᠠᠷᠠᠳ ᠤᠯᠠᠨ ᠤ ᠠᠩᠬᠠᠷᠴᠤ ᠪᠠᠶᠢᠭ᠎ᠠ ᠶᠠᠪᠤᠳᠠᠯ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠬᠤ ᠠᠵᠢᠯ ᠢ ᠡᠴᠦᠰ ᠲᠤᠨᠢ ᠲᠤᠯᠲᠠᠯ᠎ᠠ ᠬᠢᠵᠦ᠂ ᠬᠢᠨᠠᠯᠲᠠ ᠲᠠᠯᠪᠢᠬᠤ ᠶᠢᠨ ᠴᠢᠬᠤᠯᠠ ᠴᠢᠨᠠᠷ ᠪᠣᠯᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠨ ᠪᠠᠲᠤᠯᠠᠵᠤ᠂ ᠲᠥᠯᠥᠭᠡᠯᠡᠭᠴᠢᠳ ᠲᠤ ᠴᠢᠩᠭ᠎ᠠ ᠲᠦᠰᠢᠭᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠲᠡᠭᠦᠯᠳᠡᠷᠵᠢᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ