ᠪᠥᠬᠦ ᠤᠯᠤᠰ ᠤᠨ ᠨᠡᠪᠲᠡᠷᠡᠬᠦ ᠦᠨᠡᠮᠯᠡᠯ ᠤᠨ ᠰᠦᠯᠵᠢᠶ᠎ᠡ ᠳᠤ ᠬᠤᠯᠪᠣᠯᠳᠤᠭᠤᠯᠤᠨ ᠣᠷᠣᠭᠤᠯᠵᠤ ᠮᠠᠨ ᠤ ᠣᠷᠣᠨ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2022/5/24

      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠲᠦᠷᠭᠡᠨ ᠨᠡᠪᠲᠡᠷᠡᠬᠦ ᠶᠢ ᠪᠠᠲᠤᠯᠠᠵᠤ᠂ ᠨᠡᠪᠲᠡᠷᠡᠬᠦ ᠦᠨᠡᠮᠯᠡᠯ ᠤᠨ ᠨᠢᠭᠡᠳᠦᠯᠲᠡᠢ ᠵᠠᠭᠪᠤᠷ ᠢ ᠬᠡᠷᠡᠭᠯᠡᠬᠦ᠂ ᠪᠦᠬᠦ ᠤᠯᠤᠰ ᠢᠶᠠᠷ ᠢᠶᠠᠨ ᠬᠠᠷᠢᠯᠴᠠᠨ ᠮᠡᠳᠡᠷᠡᠬᠦ᠂ ᠭᠦᠢᠴᠡᠳᠬᠡᠬᠦ ᠳᠤ ᠳᠥᠭᠦᠮ ᠳᠥᠲᠡ ᠪᠠᠶᠢᠬᠤ ᠶᠢ ᠲᠦᠷᠭᠡᠳᠬᠡᠨ ᠪᠡᠶᠡᠯᠡᠭᠦᠯᠵᠦ᠂ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠠᠵᠤ ᠠᠬᠤᠶᠢᠯᠠᠯ ᠪᠣᠯᠣᠨ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠰᠠᠭᠠᠳ ᠦᠭᠡᠢ ᠨᠡᠪᠲᠡᠷᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ ᠡᠯᠧᠺᠲᠷᠣᠨ ᠨᠡᠪᠲᠡᠷᠡᠬᠦ ᠦᠨᠡᠮᠯᠡᠯ ᠤᠨ ᠰᠢᠰᠲ᠋ᠧᠮ ᠢ ᠪᠥᠬᠦ ᠤᠯᠤᠰ ᠤᠨ ᠨᠡᠪᠲᠡᠷᠡᠬᠦ ᠦᠨᠡᠮᠯᠡᠯ ᠤᠨ ᠰᠢᠰᠲ᠋ᠧᠮ ᠳᠤ ᠤᠷᠤᠭᠰᠢᠲᠠᠢ ᠪᠠᠷ ᠵᠠᠯᠭᠠᠨ ᠣᠷᠣᠭᠤᠯᠵᠤ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃

      ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠨᠡᠪᠲᠡᠷᠡᠬᠦ ᠦᠨᠡᠮᠯᠡᠯ ᠤᠨ ᠳᠦᠷᠢᠮ ᠢ ᠪᠠᠶᠢᠭᠤᠯᠬᠤ ᠪᠣᠯ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ ᠭᠤᠣᠯᠳᠠᠯᠭ᠎ᠠ ᠲᠠᠢ ᠡᠳ᠋ ᠪᠠᠷᠠᠭ᠎ᠠ ᠶᠢ ᠣᠷᠣᠨ ᠪᠦᠰᠡ ᠪᠠ ᠮᠤᠵᠢ ᠠᠯᠤᠰᠯᠠᠨ ᠲᠡᠭᠡᠭᠡᠪᠦᠷᠢᠯᠡᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠮᠤᠵᠢ ᠣᠷᠣᠨ ᠠᠯᠤᠰᠯᠠᠵᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠢᠶᠠᠷ ᠣᠷᠣᠵᠤ ᠭᠠᠷᠬᠤ ᠳᠤ ᠨᠡᠪᠲᠡᠷᠡᠬᠦ ᠦᠨᠡᠮᠯᠡᠯ ᠪᠦᠬᠦᠢ ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ ᠤᠷᠢᠳ ᠢᠶᠠᠷ ᠨᠡᠪᠲᠡᠷᠡᠬᠦ ᠶᠢ ᠪᠠᠲᠤᠯᠠᠵᠤ ᠪᠠᠶᠢᠨ᠎ᠠ᠃ ᠡᠭᠦᠨ ᠠᠴᠠ ᠡᠮᠦᠨ᠎ᠡ ᠥᠪᠥᠷ ᠮᠣᠩᠭᠤᠯ ᠨᠢᠭᠡᠨᠲᠡ ᠪᠥᠬᠦ ᠤᠯᠤᠰ ᠤᠨ ᠨᠢᠭᠡᠳᠦᠯᠲᠡᠢ ᠵᠠᠭᠪᠤᠷ ᠪᠦᠬᠦᠢ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠨᠡᠪᠲᠡᠷᠡᠬᠦ ᠦᠨᠡᠮᠯᠡᠯ ᠢ 36100 ᠲᠠᠷᠬᠠᠭᠠᠭᠰᠠᠨ ᠪᠥᠭᠡᠳ ᠡᠯᠧᠺᠲᠷᠣᠨᠴᠢᠯᠠᠬᠤ ᠶᠢ ᠪᠡᠶᠡᠯᠡᠭᠦᠯᠪᠡ᠃ ᠲᠣᠰ ᠤᠳᠠᠭ᠎ᠠ ᠪᠥᠬᠦ ᠤᠯᠤᠰ ᠤᠨ ᠰᠦᠯᠵᠢᠶ᠎ᠡ ᠳᠤ ᠬᠤᠯᠪᠣᠯᠳᠤᠭᠤᠯᠤᠨ ᠣᠷᠣᠭᠤᠯᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠠᠷᠬᠠᠭᠠᠭᠰᠠᠨ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠨᠡᠪᠲᠡᠷᠡᠬᠦ ᠦᠨᠡᠮᠯᠡᠯ ᠪᠠᠶᠢᠪᠠᠯ ᠪᠥᠬᠦ ᠤᠯᠤᠰ ᠤᠨ ᠡᠯ᠎ᠡ ᠭᠠᠵᠠᠷ ᠤᠨ ᠬᠢᠵᠢᠭ ᠢ ᠰᠡᠷᠭᠡᠶᠢᠯᠡᠵᠦ ᠪᠠᠶᠢᠴᠠᠭᠠᠨ ᠰᠢᠨᠵᠢᠯᠡᠬᠦ ᠴᠡᠭ ᠢᠶᠠᠷ ᠥᠩᠭᠡᠷᠡᠬᠦ ᠦᠶ᠎ᠡ ᠳᠤ᠂ ᠵᠠᠮ ᠲᠡᠭᠡᠭᠡᠪᠦᠷᠢ ᠶᠢᠨ ᠶᠠᠮᠤᠨ ᠤ ᠸᠢᠴᠠᠲ ᠤᠨ ᠨᠡᠶᠢᠲᠡ ᠶᠢᠨ ᠳ᠋ᠤᠭᠠᠷ ᠤᠨ ᠦᠢᠯᠡᠴᠢᠯᠡᠭᠡᠨ ᠤ ᠵᠢᠵᠢᠭ ᠫᠷᠣᠭ᠍ᠷᠠᠮ ᠢᠶᠠᠷ ᠬᠠᠶᠢᠬᠤ ᠪᠠ ᠭᠠᠷᠭᠠᠨ ᠦᠵᠡᠭᠦᠯᠵᠦ ᠪᠣᠯᠣᠨ᠎ᠠ᠃ ᠡᠨᠡ ᠨᠢ ᠪᠠᠶᠢᠴᠠᠭᠠᠨ ᠰᠢᠯᠭᠠᠬᠤ ᠪᠠ ᠨᠡᠪᠲᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ