ᠮᠠᠨ ᠤ ᠣᠷᠣᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2022/5/24

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠣᠷᠣᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ᠠᠳᠠᠯᠢ ᠲᠡᠭᠰᠢ ᠬᠠᠷᠠᠭᠠᠯᠵᠠᠯ ᠬᠦᠷᠲᠡᠬᠦ ᠶᠢ ᠪᠠᠲᠤᠯᠠᠪᠠ᠃
      ᠣᠶᠢᠯᠠᠭᠠᠭᠰᠠᠨ ᠢᠶᠠᠷ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠡᠷᠦᠬᠡ ᠠᠮᠠ ᠶᠢᠨ ᠲᠠᠩᠰᠠ᠂ ᠥᠮᠴᠢᠯᠡᠯ ᠤᠨ ᠳᠦᠷᠢᠮ ᠤᠨ ᠬᠢᠵᠠᠭᠠᠷᠯᠠᠯ ᠦᠭᠡᠢ ᠪᠠᠷ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠭ᠎ᠠ ᠭᠠᠵᠠᠷ ᠲᠤ ᠪᠠᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠣᠷᠣᠯᠴᠠᠵᠤ ᠪᠣᠯᠣᠨ᠎ᠠ᠃ ᠮᠡᠷᠭᠡᠵᠢᠯ ᠤᠨ ᠴᠣᠯᠠ ᠶᠢ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠪᠠᠷ ᠵᠣᠬᠢᠬᠤ ᠲᠤᠰᠬᠠᠢ ᠮᠡᠷᠭᠡᠵᠢᠯ ᠤᠨ ᠴᠣᠯᠠ ᠪᠠᠨ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠡᠭᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠦᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠴᠦ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠵᠤ ᠪᠠᠶᠢᠭ᠎ᠠ᠂ ᠠᠵᠢᠯ ᠤᠨ ᠦᠷ᠎ᠡ ᠪᠦᠲᠦᠮᠵᠢ ᠪᠠ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ︔ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠵᠤ᠂ ᠠᠵᠢᠯ ᠤᠨ ᠦᠷ᠎ᠡ ᠪᠦᠲᠦᠮᠵᠢ ᠪᠠ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠥᠭᠦᠯᠡᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠬᠠᠢ ᠠᠯᠪᠠᠳᠠᠯᠭ᠎ᠠ ᠶᠢᠨ ᠱᠠᠭᠠᠷᠳᠠᠯᠭ᠎ᠠ ᠦᠭᠡᠢ ᠪᠣᠯᠪᠠ᠃
      ᠡᠭᠦᠨ ᠤ ᠬᠠᠮᠲᠤ᠂ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠦᠪᠡᠷᠮᠢᠴᠡ᠂ ᠰᠢᠨ᠎ᠡ ᠮᠠᠶ᠋ᠢᠭ ᠤᠨ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠳᠡᠮᠵᠢᠨ᠎ᠡ᠃ ᠨᠥᠬᠦᠴᠡᠯ ᠲᠠᠢ ᠭᠠᠵᠠᠷ ᠣᠷᠣᠨ ᠪᠠ ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠠᠴᠠ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠦᠪᠡᠷᠮᠢᠴᠡ ᠰᠢᠨ᠎ᠡ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠪᠠ ᠦᠢᠯᠡᠳᠬᠡᠯ ᠤᠨ ᠦᠢᠯᠡᠰ ᠤᠨ ᠳᠠᠩ ᠲᠦᠷᠦᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ᠲᠤᠰᠠᠭᠠᠷ ᠳᠤᠭᠤᠶᠢᠯᠠᠩ ᠬᠤᠪᠢᠶᠠᠬᠤ᠂ ᠲᠤᠰᠠᠭᠠᠷ ᠬᠢᠨᠠᠨ ᠲᠣᠭᠲᠠᠭᠠᠬᠤ ᠪᠤᠶᠤ ᠲᠤᠰᠬᠠᠢ ᠲᠥᠷᠥᠯ ᠢᠶᠠᠷ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠦᠯᠲᠡ᠂ ᠲᠤᠰᠬᠠᠢ ᠠᠰᠢᠭ ᠤᠨ ᠡᠭᠦᠳᠦᠯᠲᠡ ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠭᠤᠣᠯ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ᠡᠭᠦᠨ ᠠᠴᠠ ᠭᠠᠳᠠᠨ᠎ᠠ᠂ ᠲᠣᠰ ᠬᠥᠮᠥᠨ ᠤ ᠪᠠᠶᠢᠭ᠎ᠠ ᠨᠢᠭᠡᠴᠢ᠂ ᠲᠠᠩᠰᠠ ᠡᠪᠬᠡᠮᠡᠯ ᠢ ᠨᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠨᠢᠭᠡᠴᠢ ᠶᠢᠨ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠡᠷᠭᠡ ᠣᠯᠠᠨ ᠠᠷᠭ᠎ᠠ ᠵᠠᠮ ᠢᠶᠠᠷ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ