ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦᠳᠡ ︵ᠥᠷᠭᠡᠳᠭᠡᠭᠰᠡᠨ︶ ᠬᠤᠷᠠᠯ ᠬᠤᠷᠠᠯᠳᠤᠭᠤᠯᠵᠥ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/24

      5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦᠳᠡ ︵ᠥᠷᠭᠡᠳᠭᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠶᠢᠮᠠᠭ ᠬᠤᠲᠠ ᠪᠣᠯᠤᠨ ᠰᠠᠯᠠᠭ᠎ᠠ ᠮᠥᠴᠢᠷ ᠤᠨ ᠬᠢᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃

      ᠸᠠᠩ ᠯᠢ ᠰᠢᠶᠠ᠂ ᠨᠢᠳᠤᠨᠤᠨ ᠠᠴᠠ ᠨᠠᠭᠠᠰᠢ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠲᠤᠰᠬᠠᠢ ᠴᠡᠭᠴᠡᠯᠡᠨ ᠵᠠᠰᠠᠯᠲᠠ ᠶᠢ ᠬᠦᠴᠦᠲᠡᠢ ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠡᠯ ᠢ ᠡᠰᠡᠷᠭᠦᠴᠡᠬᠦ ᠠᠵᠢᠯ ᠰᠢᠨ᠎ᠡ ᠦᠷ᠎ᠡ ᠪᠦᠲᠦᠮᠵᠢ ᠤᠯᠪᠠ ᠬᠡᠵᠥ ᠵᠢᠭᠠᠵᠥ ᠭᠠᠷᠭᠠᠪᠠ᠃

      ᠸᠠᠩ ᠯᠢ ᠰᠢᠶᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠦᠭᠡᠢ ᠶᠤᠮ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠴᠢᠩᠭ᠎ᠠ ᠭᠤᠣᠯ ᠬᠦᠭ ᠠᠶᠠᠰ ᠢ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠤᠷᠳᠤ ᠬᠤᠭᠤᠴᠠᠭ᠎ᠠ ᠪᠠᠷ ᠪᠠᠷᠢᠮᠲᠠᠯᠠᠬᠤ᠂ ᠡᠴᠤᠰ ᠲᠤᠨᠢ ᠲᠤᠯᠳᠠᠯ᠎ᠠ ᠲᠤᠭᠤᠰᠢᠯᠠᠭᠤᠯᠬᠤ ᠶᠢ ᠠᠬᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠠᠵᠢᠯ ᠢ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠭᠡᠬᠦ ᠡᠨᠡ ᠬᠦ ᠰᠠᠭᠤᠷᠢ ᠴᠢᠨᠠᠷᠲᠠᠢ ᠠᠵᠢᠯ ᠢ ᠡᠷᠡᠰ ᠰᠠᠶᠢᠲᠤᠷ ᠠᠳᠬᠤᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠡᠮᠡᠴᠡᠬᠦ ᠴᠢᠨᠠᠷ ᠢ ᠴᠢᠩᠭᠠᠳᠬᠠᠬᠤ ᠲᠠᠯ᠎ᠠ ᠪᠠᠷ ᠥᠴᠦᠬᠡᠨ ᠴᠦ ᠳᠤᠲᠠᠭᠤ ᠳᠤᠷᠭᠤᠨ ᠪᠠᠶᠢᠵᠤ ᠪᠤᠯᠬᠤ ᠦᠬᠡᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠶᠡᠷᠦᠮᠳᠡᠭ ᠪᠣᠯᠭᠠᠬᠤ᠂ ᠰᠠᠨᠠᠭᠠᠨ ᠲᠠᠪᠠ ᠪᠠᠷ ᠨᠢ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠡᠷᠡᠭᠦᠯ ᠪᠥᠭᠡᠳ ᠵᠢᠷᠤᠮᠵᠢᠭᠰᠠᠨ ᠵᠠᠮ ᠳᠤ ᠣᠷᠣᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠡᠭᠦᠷᠢᠳᠡ ᠲᠠᠭᠤᠰᠤᠰᠢ ᠦᠭᠡᠢ ᠪᠠᠶᠢᠬᠤ ᠬᠤᠷᠴᠠ ᠰᠡᠷᠭᠡᠭ ᠪᠠ ᠡᠷᠡᠰ ᠪᠠᠲᠤ ᠶᠢ ᠢᠮᠠᠭᠲᠠ ᠪᠠᠲᠤᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠪᠠᠲᠤᠯᠠᠵᠤ᠂ ᠲᠥᠪ ᠪᠤᠰᠤ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠠᠰᠢᠯᠭ᠎ᠠ ᠶᠢ ᠪᠠᠲᠤ ᠴᠣᠭᠴᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠠᠵᠢᠯ ᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃

      ᠸᠠᠩ ᠯᠢ ᠰᠢᠶᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠳᠦᠯᠦᠨ ᠳᠠᠭᠠᠭᠤᠯᠵᠤ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠠᠶ ᠯᠢ ᠬᠤᠸᠠ᠂ ᠯᠢ ᠪᠢᠩ ᠷᠦᠩ᠂ ᠾᠧᠩ ᠰᠢᠶᠤᠤ ᠹᠠᠨ᠂ ᠴᠢ᠊ ᠪᠠᠲᠤ᠂ ᠪᠣᠣ ᠰᠢᠶᠠᠨ ᠬᠤᠸᠠ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ