1 — 4 ᠳ᠋ᠦ᠋ᠭᠡᠷ ᠰᠠᠷ᠎ᠠ ᠶᠢᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 7.9% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/5/25

      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ ᠡᠨᠡ ᠵᠢᠯ ᠤᠨ 1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.6 ᠵᠠᠭᠤᠨ ᠤ ᠴᠡᠭ ᠳᠡᠭᠡᠭᠰᠢᠯᠡᠵᠡᠢ᠃

      ᠨᠡᠮᠡᠭᠳᠡᠯ ᠢ ᠠᠬᠢᠭᠤᠯᠬᠤ ᠭᠤᠷᠪᠠᠨ ᠶᠡᠭᠡ ᠡᠵᠡᠩᠨᠡᠯᠲᠡ ᠶᠢᠨ ᠬᠡᠯᠪᠡᠷᠢ ᠠᠴᠠ ᠦᠵᠡᠪᠡᠯ᠂ 1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.0% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠲᠣᠰ ᠲᠣᠰ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ     3.5᠂ 3.6 ᠪᠠ 0.8 ᠵᠠᠭᠤᠨ ᠤ ᠴᠡᠭ ᠳᠡᠭᠡᠭᠰᠢᠯᠡᠭᠦᠯᠪᠡ᠃ ᠪᠥᠬᠦ ᠣᠷᠣᠨ ᠤ 38 ᠠᠵᠤ ᠦᠢᠯᠡᠳᠪᠦᠷᠢ ᠶᠢᠨ ᠠᠵᠢᠯ ᠲᠥᠷᠥᠯ ᠤᠨ ᠳᠣᠲᠣᠷ᠎ᠠ᠂ 30 ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 78.9% ᠳᠤ ᠬᠥᠷᠪᠡ᠃

      ᠨᠡᠮᠡᠭᠳᠡᠯ ᠢ ᠠᠬᠢᠭᠤᠯᠤᠭᠰᠠᠨ ᠰᠢᠨ᠎ᠡ ᠬᠥᠳᠡᠯᠭᠡᠭᠴᠢ ᠬᠦᠴᠦᠨ ᠠᠴᠠ ᠦᠵᠡᠪᠡᠯ᠂ 1 ︱ 4 ᠳ᠋ᠦ᠋ᠭᠡᠷ ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 23.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ           16.3% ᠪᠠᠷ ᠨᠡᠮᠡᠭᠳᠡᠵᠦ᠂ ᠪᠦᠬᠦᠯᠢ ᠴᠣᠭᠴᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠠᠢ᠃ ᠡᠭᠦᠨ ᠳᠤ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ᠃

      ᠲᠦᠭᠦᠬᠡᠢ ᠮᠠᠲ᠋ᠧᠷᠢᠶᠠᠯ ᠤᠨ ᠦᠶᠯᠡᠳᠬᠦ ᠦᠢᠯᠡᠰ ᠠᠴᠠ ᠦᠵᠡᠪᠡᠯ᠂ 1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠢ ᠮᠠᠲ᠋ᠧᠷᠢᠶᠠᠯ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 3.1 ᠵᠠᠭᠤᠨ ᠤ ᠴᠡᠭ ᠨᠡᠮᠡᠭᠳᠡᠭᠦᠯᠪᠡ᠃ ᠡᠭᠦᠨ ᠳᠤ᠂ ᠲᠡᠮᠦᠷᠯᠢᠭ ᠤᠨ ᠪᠤᠰᠤ ᠠᠭᠤᠷᠬᠠᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 63.2% ᠢᠶᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠵᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠨᠥᠯᠥᠭᠡ ᠠᠴᠠ ᠪᠣᠯᠵᠤ᠂ ᠪᠥᠬᠦ ᠣᠷᠣᠨ ᠤ ᠨᠡᠭᠦᠷᠡᠰᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠪᠡ᠃

      ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠪᠠᠶᠢᠳᠠᠯ ᠠᠴᠠ ᠦᠵᠡᠪᠡᠯ᠂ 1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠣᠷᠣᠨ ᠤ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.4 ᠵᠠᠭᠤᠨ ᠤ ᠴᠡᠭ ᠥᠨᠳᠥᠷ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 4.6 ᠵᠠᠭᠤᠨ ᠤ ᠴᠡᠭ ᠳᠡᠭᠡᠭᠰᠢᠯᠡᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ