ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠠ
ᠨᠡᠶᠢᠲᠡᠯᠡᠭᠰᠡᠨ ᠴᠠᠭ᠄
2022/5/25

      5 ᠰᠠᠷ᠎ᠠ ᠶᠢᠨ 24 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠠ᠃
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠣᠲᠣ 63 ᠪᠦᠷᠢᠯᠳᠦᠬᠦᠨ ᠲᠠᠢ᠂ 59 ᠬᠥᠮᠦᠨ ᠨᠢ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃
      ᠬᠤᠷᠠᠯ ᠠᠴᠠ ᠾᠧ ᠶᠠᠨ ᠯᠢᠩ ᠤᠨ ᠬᠢᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠶᠯᠡᠳᠪᠦᠷᠢᠯᠡᠯ ᠤᠨ ᠬᠠᠤᠯᠢ︾᠂

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶᠯᠡᠳᠪᠦᠷᠢᠯᠡᠯ ᠤᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ ᠰᠣᠨᠣᠰᠪᠠ︔ ᠶᠠᠩ ᠽᠦᠩ ᠷᠧᠨ ᠤ ᠬᠢᠭᠰᠡᠨ ᠮᠥᠩᠭᠦᠨ ᠭᠦᠢᠯᠭᠡᠭᠡᠨ ᠤ ᠰᠢᠭᠦᠨ ᠲᠠᠰᠤᠯᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠦ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ

ᠭᠦᠸᠧ ᠳ᠋ᠡ ᠶᠦᠩ ᠤᠨ ᠬᠢᠭᠰᠡᠨ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠶᠢᠨ ᠬᠢᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠶ ᠶᠢᠨ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠵᠣᠣ ᠬᠤᠶ ᠶᠢᠨ ᠬᠢᠭᠰᠡᠨ 2021 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ ᠪᠣᠯᠤᠨ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ