ᠥᠪᠥᠷ ᠮᠣᠩᠭᠤᠯ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠨ ᠦᠷᠭᠦᠯᠵᠢᠯᠡᠭᠦᠯᠵᠦ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠳᠡᠮᠵᠢᠵᠦ ᠪᠤᠢ
ᠨᠡᠶᠢᠲᠡᠯᠡᠭᠰᠡᠨ ᠴᠠᠭ᠄
2022/5/26

      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ

︽ᠮᠠᠨ ᠤ ᠣᠷᠣᠨ ᠤ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠳᠡᠮᠵᠢᠬᠦ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠤᠨ ᠬᠢᠵᠠᠭᠠᠷ ᠢ ᠤᠷᠲᠤᠳᠬᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠠᠷᠬᠠᠭᠠᠪᠠ᠃ ︽ᠮᠡᠳᠡᠭᠳᠡᠯ︾ ᠳᠤ᠂ ᠮᠠᠨ ᠤ ᠣᠷᠣᠨ ᠤ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠳᠡᠮᠵᠢᠬᠦ ᠪᠠ ᠠᠬᠢᠭᠤᠯᠬᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠤᠨ ᠬᠢᠵᠠᠭᠠᠷ ᠢ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠬᠤ ᠪᠠᠷ ᠲᠣᠳᠤᠷᠬᠠᠶᠢᠯᠠᠵᠠᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠵᠢᠱᠢᠯᠲᠡ ᠪᠠᠷ ᠵᠢᠯ ᠪᠦᠷᠢ ᠬᠠᠮᠢᠶ᠎ᠠ ᠪᠦᠬᠦᠢ ᠭᠠᠶᠢᠯᠢ ᠲᠤᠰᠢᠶᠠᠭᠴᠢ ᠶᠢᠨ ᠳᠠᠷᠤᠭᠠᠰᠤ ᠶᠢ 150 ᠲᠦᠮᠡᠨ ᠲᠥᠭᠦᠷᠢᠭ ᠬᠥᠩᠭᠡᠷᠡᠭᠦᠯᠬᠦ ᠪᠣᠯᠣᠨ᠎ᠠ᠃
      ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ︽ᠮᠡᠳᠡᠭᠳᠡᠯ︾ ᠳᠤ ᠳᠣᠣᠷᠠᠬᠢ ᠮᠡᠲᠦ ᠠᠭᠤᠯᠭ᠎ᠠ ᠶᠢ ᠲᠣᠳᠣᠷᠬᠠᠶᠢᠯᠠᠪᠠ᠄ ᠨᠢᠭᠡ ᠳᠤ᠂ ᠮᠠᠨ ᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ᠂ ︽ᠠᠵᠢᠯ ᠣᠯᠬᠤ ᠠᠳᠠᠯ ᠦᠢᠯᠡᠰ ᠴᠣᠭᠴᠠᠯᠠᠬᠤ ᠦᠨᠡᠮᠯᠡᠯ︾ ᠪᠤᠶᠤ ︽ᠠᠵᠢᠯ ᠣᠯᠬᠤ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠵᠡᠩᠨᠡᠭᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠷ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ᠡᠷᠦᠬᠡ ᠪᠦᠷᠢ ᠵᠢᠯ ᠳᠤ 14400 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ ᠲᠠᠰ ᠳᠠᠷᠠᠭᠠᠯᠠᠨ ᠰᠠᠭᠤᠯᠭᠠᠨ ᠬᠠᠰᠤᠵᠤ ᠥᠭᠭᠦᠨ᠎ᠡ︔ ᠬᠤᠶᠠᠷ ᠲᠤ᠂ ᠮᠠᠨ ᠤ ᠣᠷᠣᠨ ᠤ ᠠᠵᠤ ᠠᠬᠤᠶᠢᠯᠠᠯ ᠤᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠵᠢᠴᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠭᠠᠰ ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠰᠠᠨ ᠮᠥᠷᠲᠡᠭᠡᠨ ︽ᠠᠵᠢᠯ ᠣᠯᠬᠤ ᠠᠳᠠᠯ ᠦᠢᠯᠡᠰ ᠴᠣᠭᠴᠠᠯᠠᠬᠤ ᠦᠨᠡᠮᠯᠡᠯ︾ ᠪᠤᠶᠤ ︽ᠠᠵᠢᠯ ᠣᠯᠬᠤ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ᠲᠠᠢ ᠬᠥᠮᠥᠰ ᠢ ᠡᠯᠰᠡᠨ ᠬᠡᠷᠡᠭᠯᠡᠵᠦ᠂ ᠬᠤᠶᠠᠷ ᠲᠠᠯ᠎ᠠ ᠪᠠᠷ ᠢᠶᠠᠨ 1 ᠵᠢᠯ ᠠᠴᠠ ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠵᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠪᠣᠯ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠦᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠲᠣᠰ ᠰᠠᠷ᠎ᠠ ᠠᠴᠠ ᠡᠬᠢᠯᠡᠨ᠂

3 ᠵᠢᠯ ᠤᠨ ᠳᠣᠲᠣᠷ᠎ᠠ ᠪᠣᠳᠠᠲᠠᠢ ᠡᠯᠰᠡᠨ ᠬᠡᠷᠡᠭᠯᠡᠭᠰᠡᠨ ᠬᠥᠮᠥᠨ ᠤ ᠲᠤᠭ᠎ᠠ ᠪᠠᠷ ᠬᠥᠮᠥᠨ ᠪᠦᠷᠢ ᠵᠢᠯ ᠳᠤ 7800 ᠲᠥᠭᠦᠷᠢᠭ ᠤᠨ ᠪᠠᠷᠢᠮᠵᠢᠶ᠎ᠠ ᠪᠠᠷ ᠨᠣᠷᠮ᠎ᠠ ᠲᠣᠭᠲᠠᠭᠠᠨ ᠠᠵᠤ ᠠᠬᠤᠶᠢᠯᠠᠯ ᠤᠨ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠰ ᠳᠠᠷᠠᠭᠠᠯᠠᠨ ᠰᠠᠭᠤᠯᠭᠠᠨ ᠬᠠᠰᠤᠵᠤ ᠥᠭᠭᠦᠨ᠎ᠡ᠃
      ᠡᠳ᠋ ᠤᠨ ᠵᠠᠰᠠᠭ ᠤᠨ ᠶᠠᠮᠤᠨ ᠵᠡᠷᠭᠡ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠭᠠᠶᠢᠯᠢ ᠲᠤᠰᠢᠶᠠᠭᠴᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠣᠰ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠡᠳ ᠪᠦᠬᠦᠯᠢ 3 ᠵᠢᠯ ᠪᠣᠯᠣᠭᠠᠳᠤᠢ ᠪᠠᠶᠢᠪᠠᠯ᠂ 3 ᠵᠢᠯ ᠤᠨ ᠬᠤᠭᠤᠴᠠᠭ᠎ᠠ ᠳᠠᠭᠤᠰᠲᠠᠯ᠎ᠠ ᠦᠷᠭᠦᠯᠵᠢᠯᠡᠨ ᠬᠦᠷᠲᠡᠵᠦ ᠪᠣᠯᠣᠨ᠎ᠠ᠃ ︽ᠮᠡᠳᠡᠭᠳᠡᠯ︾ ᠳᠤ ᠳᠤᠷᠠᠳᠤᠭᠰᠠᠨ ᠬᠥᠮᠥᠰ ᠥᠩᠭᠡᠷᠡᠭᠰᠡᠨ ᠵᠢᠯ ᠤᠳ ᠲᠤ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠡᠳ ᠨᠢᠭᠡᠨᠲᠡ ᠪᠦᠬᠦᠯᠢ 3 ᠵᠢᠯ ᠪᠣᠯᠤᠭᠰᠠᠨ ᠪᠣᠯ᠂ ᠲᠣᠰ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠵᠦ ᠪᠣᠯᠬᠤ ᠦᠭᠡᠢ᠃
      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠣᠯ ᠮᠠᠨ ᠤ ᠣᠷᠣᠨ ᠤ 2019 ︱ 2021 ᠣᠨ ᠤ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠳᠡᠮᠵᠢᠬᠦ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠪᠣᠯᠣᠨ᠎ᠠ᠂ ᠬᠠᠮᠢᠶ᠎ᠠ ᠪᠦᠬᠦᠢ ᠬᠢᠵᠠᠭᠠᠷ ᠲᠤᠭ᠎ᠠ᠂ ᠨᠣᠷᠮ᠎ᠠ ᠲᠣᠭᠲᠠᠭᠠᠨ ᠰᠠᠭᠤᠯᠭᠠᠨ ᠬᠠᠰᠤᠬᠤ ᠪᠠᠷᠢᠮᠵᠢᠶ᠎ᠠ ᠶᠢ ᠴᠥᠮ ᠤᠯᠤᠰ ᠤᠨ ᠡᠷᠬᠡ ᠣᠯᠭᠤᠭᠰᠠᠨ ᠳᠡᠭᠡᠳᠦ ᠬᠢᠵᠠᠭᠠᠷ ᠤᠨ ᠶᠣᠰᠣᠭᠠᠷ ᠬᠡᠷᠡᠭᠵᠢᠭᠦᠯᠬᠦ ᠲᠤᠯᠠ᠂ ᠭᠠᠶᠢᠯᠢ ᠰᠦᠢᠳᠬᠡᠯ ᠢ ᠠᠯᠢ ᠦᠨᠳᠦᠷ ᠢᠶᠠᠷ ᠬᠠᠰᠤᠵᠤ ᠬᠡᠯᠲᠦᠷᠢᠭᠦᠯᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠠᠷᠢᠶᠠᠯᠠᠭᠳᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ