ᠬᠤᠸᠠᠩ ᡁᠢ ᠴᠢᠶᠠᠩ ᠣᠷᠳᠣᠰ ᠬᠤᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/27

      5 ᠳ᠋ᠤᠭᠠᠷ ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ ᠳᠤ ᠬᠦᠷᠴᠦ᠂ ᠡᠨᠧᠷᠭᠢ ᠶᠢᠨ ᠰᠤᠷᠪᠤᠯᠵᠢ ᠶᠢᠨ ᠴᠢᠬᠤᠯᠠ ᠶᠡᠭᠡ ᠲᠥᠷᠥᠯ ᠵᠦᠢᠯ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠ ᠠᠶᠤᠯ ᠦᠭᠡᠢ ᠦᠢᠯᠡᠳᠪᠦᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠰᠤᠷᠪᠤᠯᠵᠢᠯᠠᠨ ᠣᠶᠢᠯᠠᠭᠠᠪᠠ᠃

      ᠬᠤᠸᠠᠩ ᡁᠢ ᠴᠢᠶᠠᠩ ᠤᠷᠢᠳ ᠬᠤᠵᠢᠳ ᠵᠦᠩ ᠲᠢᠶᠠᠨ ᠾᠧ ᠴᠤᠸᠠᠩ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ᠂ ᠶᠢᠩ ᠫᠠᠨ ᠬᠤᠤ ᠨᠡᠭᠦᠷᠡᠰᠦᠨ ᠠᠭᠤᠷᠬᠠᠢ᠂ ᠴᠠᠩᠴᠢᠩ ᠨᠢᠭᠡᠳᠦᠭᠡᠷ ᠬᠡᠢ ᠭᠠᠷᠭᠠᠬᠤ ᠦᠢᠯᠡᠳᠪᠦᠷᠢ ᠶᠢᠨ ᠲᠠᠪᠤᠳᠤᠭᠠᠷ ᠴᠡᠪᠡᠷᠰᠢᠭᠦᠯᠬᠦ ᠦᠢᠯᠡᠳᠪᠦᠷᠢ᠂ ᠾᠧᠩ ᠱᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ᠂ ᠢ ᠲᠠᠢ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠬᠦᠷᠴᠦ᠂ ᠦᠢᠯᠡᠳᠪᠦᠷᠢᠯᠡᠯ ᠡᠵᠡᠩᠨᠡᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠢ ᠣᠨᠳᠣᠣᠰᠢᠭᠤᠯᠤᠨ ᠦᠷᠳᠡᠭ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠬᠦᠴᠦᠯᠡᠵᠦ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠨᠡᠭᠦᠷᠡᠰᠦᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠬᠦ ᠴᠢᠳᠠᠪᠤᠷᠢ ᠶᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠡᠢ᠃

      ᠬᠤᠸᠠᠩ ᡁᠢ ᠴᠢᠶᠠᠩ ᠮᠠᠯᠴᠢᠨ ᠣᠳᠬᠤᠨᠳᠠᠯᠠᠢ ᠶᠢᠨ ᠭᠡᠷ ᠲᠤ ᠬᠦᠷᠴᠦ᠂ ᠲᠡᠭᠦᠨ ᠤ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠨᠤᠲᠤᠭ ᠲᠤ ᠪᠠᠨ ᠬᠠᠷᠢᠵᠤ᠂ ᠲᠠᠯ᠎ᠠ ᠨᠤᠲᠤᠭ ᠲᠤ ᠪᠠᠨ ᠦᠨᠳᠦᠰᠦᠯᠡᠨ ᠦᠢᠯᠡᠰ ᠪᠣᠰᠬᠠᠭᠰᠠᠨ ᠢ ᠮᠡᠳᠡᠭᠡᠳ᠂ ᠲᠡᠭᠦᠨ ᠢ ᠰᠠᠶᠢᠨ ᠳᠠᠭᠠᠭᠤᠯᠤᠭᠴᠢ ᠪᠣᠯᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠢ ᠳᠠᠭᠠᠭᠤᠯᠤᠨ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ