ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2022 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/30


      5 ᠰᠠᠷ᠎ᠠ ᠶᠢᠨ 29 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠠᠨᠠᠯ ᠢ ᠰᠤᠳᠤᠯᠪᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ 33 ᠵᠤᠷᠪᠤᠰ ᠠᠷᠭ᠎ᠠ ᠬᠡᠮᠵᠢᠶ᠎ᠡ ᠲᠠᠢ ᠵᠤᠷᠪᠤᠰ ᠳᠠᠷᠠᠭᠠᠯᠠᠨ ᠬᠠᠷᠭᠤᠭᠤᠯᠵᠤ᠂ ᠠᠷᠭ᠎ᠠ ᠬᠡᠮᠵᠢᠶ᠎ᠡ ᠪᠠᠨ ᠤᠯᠠᠮ ᠴᠢᠨᠠᠬᠰᠢᠳᠠ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠥᠬᠡᠶ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠠᠵᠤ ᠦᠶᠯᠡᠳᠪᠦᠷᠢ ᠶᠢᠨ ︽ᠦᠨᠳᠦᠷ ᠲᠡᠰᠵᠢᠯᠳᠡ ᠤᠶᠤᠨᠴᠢᠯᠠᠯᠳᠠ ᠪᠤᠬᠢᠷᠳᠤᠯ ᠦᠭᠡᠶᠢᠵᠢᠯᠳᠡ︾᠂ ᠦᠶᠯᠡᠴᠢᠯᠡᠭᠡᠨ ᠤ ᠦᠶᠯᠡᠰ ᠤᠨ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠤ ᠠᠬᠤᠶ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠤᠯᠤᠰ ᠤᠨ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ