ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/31

      5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ᠃

      ᠸᠠᠩ ᠯᠢ ᠰᠢᠶᠠ᠂ ᠪᠦᠬᠦ ᠣᠷᠣᠨ ᠳᠠᠶᠠᠭᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠭᠡᠵᠦ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠲᠧᠯᠸᠢᠰ ᠤᠲᠠᠰᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠪᠤᠷᠢᠵᠢᠭᠤᠯᠬᠤ 6 ᠲᠠᠯ᠎ᠠ ᠶᠢᠨ 33 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠮᠠᠨ ᠤ ᠣᠷᠣᠨ ᠤ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠦᠷᠭᠡᠨ ᠪᠥᠭᠡᠳ ᠨᠠᠷᠢᠯᠢᠭ᠂ ᠵᠦᠢᠯ ᠵᠤᠷᠪᠤᠰ ᠦᠭᠡ ᠦᠭᠦᠯᠡᠪᠦᠷᠢ ᠳᠠᠷᠠᠭᠠᠯᠠᠨ ᠬᠠᠷᠭᠤᠭᠤᠯᠤᠨ ᠲᠣᠭᠲᠠᠭᠠᠵᠤ᠂ ᠪᠥᠬᠦ ᠲᠠᠯ᠎ᠠ ᠪᠠᠷ᠂ ᠣᠨᠣᠪᠴᠢᠲᠠᠶ᠂ ᠨᠠᠷᠢᠯᠢᠭ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠡᠷᠬᠢᠯᠳᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠠᠰᠠᠭᠤᠳᠠᠯ ᠤᠨ ᠨᠠᠷᠢᠨ ᠳᠠᠩᠰᠠ ᠪᠠ ᠰᠢᠢᠳᠪᠦᠷᠢᠯᠡᠬᠦ ᠠᠷᠭ᠎ᠠ ᠶᠢ ᠴᠠᠭ ᠲᠤᠬᠠᠢ ᠳᠤᠨᠢ ᠭᠠᠷᠭᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠲᠦᠷᠦᠯ ᠵᠦᠢᠯ ᠳᠡᠭᠡᠷ᠎ᠡ ᠦᠨᠡᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠠᠶ ᠯᠢ ᠬᠤᠸᠠ᠂ ᠴᠢ᠊ ᠪᠠᠲᠤ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ