ᠪᠦᠬᠦ ᠤᠯᠤᠰ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ 2022 ᠣᠨ ᠤ ᠪᠦᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠪᠠ  ᠯᠢ ᠪᠢᠩ ᠷᠦᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/31
      5 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠠᠴᠠ ᠪᠦᠬᠦ ᠤᠯᠤᠰ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ 2022 ᠣᠨ ᠤ ᠪᠦᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃      ᠯᠢ ᠪᠢᠩ ᠷᠦᠩ᠂ ᠪᠠᠶᠢᠯᠳᠤᠬᠤ ᠪᠣᠳᠣᠯᠭ᠎ᠠ ᠪᠣᠯᠤᠨ ᠪᠥᠬᠦ ᠲᠠᠯ᠎ᠠ ᠶᠢᠨ ᠦᠨᠳᠦᠷᠴᠡ ᠠᠴᠠ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠲᠠᠨᠢᠨ ᠠᠬᠢᠭᠤᠯᠵᠤ᠂ ᠴᠠᠭ ᠠᠭᠤᠷ ᠤᠨ ᠭᠠᠮᠰᠢᠭ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠦᠲᠦᠮᠵᠢᠲᠡᠶ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠶ ᠠᠳᠬᠤᠵᠤ ᠨᠠᠷᠢᠯᠢᠭ ᠠᠳᠬᠤᠬᠤ ᠬᠡᠷᠡᠭᠲᠡᠶ ᠭᠡᠵᠤ ᠵᠢᠭᠠᠵᠤ ᠭᠠᠷᠭᠠᠪᠠ᠃      ᠯᠢ ᠪᠢᠩ ᠷᠦᠩ᠂ ᠡᠯ᠎ᠡ ᠲᠠᠯ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠭᠦᠯᠵᠦ᠂ ᠴᠠᠭ ᠠᠭᠤᠷ ᠬᠦᠳᠡᠭᠡ ᠠᠵᠤ ᠠᠬᠤᠢ ᠳᠤ ᠦᠢᠯᠡᠴᠢᠯᠡᠬᠦ ᠶᠢ ᠰᠠᠶᠢᠲᠤᠷ ᠠᠳᠬᠤᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠴᠠᠭ ᠠᠭᠤᠷ ᠤᠨ ᠭᠠᠮᠰᠢᠭ ᠤᠨ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠣᠳᠣᠬᠢᠴᠢᠯᠠᠯᠲᠠ ᠪᠠᠷ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠯᠢ ᠪᠢᠩ ᠷᠦᠩ᠂ ᠡᠨᠡ ᠵᠢᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠴᠢᠬᠤᠯᠠ ᠠᠴᠠ ᠴᠢᠬᠤᠯᠠ ᠠᠵᠢᠯ ᠪᠣᠯᠭᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠠᠬᠢᠭᠤᠯᠬᠤ ᠶᠢᠨ ᠵᠡᠷᠭᠡ ᠪᠠᠷ ᠬᠠᠪᠤᠷ ᠤᠨ ᠲᠠᠷᠢᠶᠠᠯᠠᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ ᠭᠡᠵᠤ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ