| 5 ᠰᠠᠷ᠎ᠠ ᠶᠢᠨ 1 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠪᠠᠶᠢᠭ᠎ᠠ | ᠥᠪᠡᠷᠲᠡᠭᠡᠨ ᠵᠠᠰᠠᠬᠤ ᠣᠷᠣᠨ ᠤ ᠵᠢᠩᠬᠢᠨᠢ ᠮᠤᠵᠢ ᠶᠢᠨ ᠲᠠᠰ ᠤᠨ ᠠᠵᠢᠯ ᠠᠴᠠ ᠪᠠᠨ ᠳᠠᠷᠬᠠᠯᠠᠭᠳᠠᠵᠥ ᠠᠵᠢᠯ ᠠᠴᠠ ᠪᠠᠨ ᠠᠮᠠᠷᠠᠭᠰᠠᠨ ᠺᠠᠳ᠋ᠷ ᠸᠠᠩ ᠵᠠᠨ᠂ ᠶᠦᠨ ᠵᠣᠣ | ᠭᠤᠸᠠᠩ ᠢ ᠳᠣᠲᠣᠨᠣᠰᠤᠬ ᠢᠶᠠᠷ ᠡᠷᠬᠢᠨ ᠦᠵᠡᠵᠦ᠂ ᠲᠡᠳᠡᠨ ᠤ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ | ᠦᠵᠡᠭᠦᠯᠦᠭᠰᠡᠨ ᠳᠤᠨᠢ ᠲᠠᠯᠠᠷᠬᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠪᠡᠶ᠎ᠡ ᠮᠠᠬᠠᠪᠣᠳ ᠤᠨ ᠬᠢᠨᠢ ᠡᠷᠡᠭᠦᠯ ᠴᠢᠭᠢᠷᠠᠭ᠂ ᠠᠮᠢᠳᠤᠷᠠᠯ ᠤᠨ ᠬᠢᠨᠢ ᠵᠣᠯ | ᠵᠢᠷᠭᠠᠯ ᠢ ᠵᠥᠩᠨᠡᠪᠡ᠃ | | | | | | ᠰᠦᠨ ᠱᠤᠤ ᠴᠧᠩ ᠡᠩ ᠲᠡᠷᠢᠭᠦᠨ ᠳᠤ ᠸᠠᠩ ᠵᠠᠨ ᠤ ᠭᠡᠷ ᠲᠤ ᠬᠦᠷᠴᠦ᠂ ᠠᠭᠤᠯᠵᠠᠮᠠᠭᠴᠠ ᠲᠡᠭᠦᠨ ᠤ ᠭᠠᠷ ᠢ ᠠᠳᠬᠤᠵᠤ᠂ ᠠᠮᠢᠳᠤᠷᠠᠯ ᠠᠬᠤᠢ ᠪᠣᠯᠤᠨ ᠪᠡᠶ᠎ᠡ | ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠸᠠᠩ ᠵᠠᠨ ᠤ ᠪᠡᠶ᠎ᠡ ᠲᠡᠩᠬᠡᠯᠡᠭᠦᠨ ᠪᠠᠶᠢᠬᠤ ᠶᠢ ᠦᠵᠡᠭᠡᠳ ᠰᠦᠨ ᠱᠤᠤ ᠴᠧᠩ ᠮᠠᠰᠢ ᠪᠠᠶᠠᠷᠯᠠᠵᠤ᠂ ᠲᠡᠭᠦᠨ ᠢ | ᠪᠡᠶ᠎ᠡ ᠪᠠᠨ ᠢᠯᠡᠭᠦᠬᠡᠨ ᠭᠠᠮᠨᠠᠭᠠᠷᠠᠢ ᠭᠡᠵᠦ ᠵᠠᠬᠢᠪᠠ᠃ ᠰᠦᠨ ᠱᠤᠤ ᠴᠧᠩ᠂ ᠥᠨᠥᠳᠦᠷ ᠲᠠᠨ ᠢ ᠡᠷᠬᠢᠨ ᠦᠵᠡᠬᠦ ᠪᠠᠷ ᠢᠷᠡᠭᠰᠡᠨ ᠨᠢ ᠲᠠᠨ ᠠᠴᠠ ᠰᠤᠷᠤᠯᠴᠠᠬᠤ ᠭᠡᠰᠡᠨ | ᠶᠤᠮ᠃ ᠠᠬᠠᠮᠠᠳ ᠤᠳᠤᠷᠢᠳᠬᠤ ᠨᠥᠬᠦᠳ ᠤᠨ ᠥᠪᠥᠷ ᠮᠣᠩᠭᠤᠯ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ | ᠬᠠᠯᠠᠮᠵᠢᠯᠠᠨ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠳᠤ ᠢᠯᠡᠭᠦᠬᠡᠨ ᠨᠠᠨᠳᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ ᠭᠡᠪᠡ᠃ | ᠶᠦᠨ ᠵᠤᠤ ᠭᠤᠸᠠᠩ ᠤᠨ ᠭᠡᠷ ᠲᠤ᠂ ᠰᠦᠨ ᠱᠤᠤ ᠴᠧᠩ ᠲᠡᠭᠦᠨ ᠲᠠᠢ ᠡᠪᠤᠳᠦᠭ ᠵᠡᠷᠭᠡᠴᠡᠨ ᠰᠠᠭᠤᠵᠤ ᠰᠡᠳᠬᠢᠯ ᠤᠨ ᠦᠭᠡ ᠪᠠᠨ ᠶᠠᠷᠢᠯᠴᠠᠵᠤ᠂ ᠲᠡᠭᠦᠨ ᠤ | ᠬᠤᠪᠢᠰᠬᠠᠯ ᠤᠨ ᠥᠩᠭᠡᠷᠡᠭᠰᠡᠨ ᠤᠴᠢᠷ ᠪᠣᠯᠤᠨ ᠠᠵᠢᠯ ᠤᠨ ᠥᠩᠭᠡᠷᠡᠯᠲᠡ ᠪᠠᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠤ ᠵᠣᠬᠢᠶᠠᠯ ᠤᠨ ᠲᠡᠭᠦᠪᠦᠷᠢ | ᠪᠣᠯᠤᠨ ᠭᠡᠷᠡᠯ ᠵᠢᠷᠤᠭ ᠤᠨ ᠲᠡᠭᠦᠪᠦᠷᠢ ᠶᠢ ᠨᠠᠷᠢᠨ ᠬᠢᠨᠠᠮᠠᠭᠠᠢ ᠤᠷᠪᠠᠭᠤᠯᠤᠨ ᠦᠵᠡᠪᠡ᠃ ᠰᠦᠨ ᠱᠤᠤ ᠴᠧᠩ᠂ ᠥᠪᠥᠷ ᠮᠣᠩᠭᠤᠯ ᠤᠨ ᠬᠥᠭᠵᠢᠯᠲᠡ ᠶᠢᠨ ᠠᠮᠵᠢᠯᠲᠠ | ᠪᠦᠲᠦᠮᠵᠢ ᠳᠤ ᠠᠬᠠᠮᠠᠳ ᠨᠥᠬᠦᠳ ᠤᠨ ᠬᠦᠴᠦ ᠬᠥᠯᠥᠰᠥ ᠠᠭᠤᠯᠤᠭᠳᠠᠵᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠪᠣᠯᠤᠨ ᠠᠬᠠᠮᠠᠳ ᠨᠥᠬᠦᠳ ᠤᠨ ᠲᠠᠯᠪᠢᠭᠰᠠᠨ ᠰᠠᠶᠢᠨ | ᠰᠠᠶᠢᠬᠠᠨ ᠰᠠᠭᠤᠷᠢᠨ ᠳᠡᠭᠡᠷ᠎ᠡ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠵᠤ᠂ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠦᠷᠭᠦᠯᠵᠢᠯᠡᠨ ᠲᠡᠮᠡᠴᠡᠵᠦ ᠯᠠᠪᠳᠠᠭᠤᠨ | ᠪᠠᠲᠤᠲᠠᠢ ᠠᠵᠢᠯᠯᠠᠵᠤ᠂ ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠪᠣᠯᠤᠨ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠶᠤᠮ ᠬᠡᠵᠥ ᠬᠡᠯᠡᠪᠡ᠃ | ᠡᠷᠬᠢᠨ ᠦᠵᠡᠬᠦ ᠳᠡᠭᠡᠨ ᠰᠦᠨ ᠱᠤᠤ ᠴᠧᠩ᠂ ᠠᠬᠠᠮᠠᠳ ᠺᠠᠳ᠋ᠷ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ ᠮᠥᠨ᠂ ᠬᠤᠯᠪᠣᠭᠳᠠᠯ | ᠪᠦᠬᠦᠢ ᠲᠠᠯ᠎ᠠ ᠶᠢᠨ ᠬᠢᠨ ᠠᠬᠠᠮᠠᠳ ᠨᠥᠬᠦᠳ ᠢ ᠰᠠᠶᠢᠲᠤᠷ ᠬᠠᠯᠠᠮᠵᠢᠯᠠᠨ ᠬᠠᠷᠠᠭᠠᠯᠵᠠᠵᠤ᠂ ᠦᠢᠯᠡᠴᠢᠯᠡᠭᠡᠨ ᠤ ᠠᠵᠢᠯ ᠢ ᠰᠡᠳᠭᠢᠯ ᠲᠠᠯᠪᠢᠨ ᠨᠠᠷᠢᠨ ᠨᠢᠮᠪᠠᠢ ᠰᠠᠶᠢᠲᠤᠷ | ᠬᠢᠵᠦ᠂ ᠲᠡᠳᠡᠨ ᠢ ᠥᠲᠡᠯᠦᠭᠡ ᠨᠠᠰᠤ ᠪᠠᠨ ᠠᠮᠤᠷ ᠵᠢᠷᠭᠠᠯ ᠲᠠᠢ ᠥᠩᠭᠡᠷᠡᠭᠡᠬᠦ ᠪᠣᠯᠭᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠸᠠᠩ ᠵᠠᠨ᠂ ᠶᠦᠨ ᠵᠣᠣ ᠭᠤᠸᠠᠩ ᠠᠴᠠ ᠰᠦᠨ ᠱᠤᠤ ᠴᠧᠩ ᠨᠥᠬᠦᠷ ᠤᠨ ᠥᠪᠥᠷ ᠮᠣᠩᠭᠤᠯ ᠳᠤ ᠢᠷᠡᠵᠦ ᠠᠵᠢᠯᠯᠠᠬᠰᠠᠨ ᠢ ᠴᠢᠩ ᠰᠡᠳᠭᠢᠯ ᠠᠴᠠ ᠪᠠᠨ | ᠪᠠᠶᠠᠷᠯᠠᠨ ᠤᠭᠲᠤᠵᠤ ᠪᠠᠶᠢᠨ᠎ᠠ᠂ ᠰᠦᠨ ᠱᠤᠤ ᠴᠧᠩ ᠰᠢᠨ᠎ᠡ ᠲᠤᠰᠢᠶᠠᠯ ᠳᠤ ᠭᠠᠷᠤᠭᠰᠠᠨ ᠠᠩᠬᠠᠨ ᠤ ᠡᠳᠦᠷ ᠲᠡᠭᠡᠨ ᠢᠷᠡᠵᠥ ᠡᠷᠬᠢᠨ ᠦᠵᠡᠭᠰᠡᠨ ᠳᠤ ᠲᠠᠯᠠᠷᠬᠠᠵᠤ | ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠠᠬᠠᠮᠠᠳ ᠨᠥᠬᠦᠳ ᠢ ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠂ ᠰᠦᠨ ᠱᠤᠤ ᠴᠧᠩ | ᠨᠥᠬᠦᠷ ᠢᠶᠠᠷ ᠤᠳᠤᠷᠢᠳᠬᠤ ᠪᠠᠬ ᠤᠨ ᠳᠠᠷᠤᠭ᠎ᠠ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠥᠪᠥᠷ | ᠮᠣᠩᠭᠤᠯ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠯᠠᠪᠲᠠᠶ ᠲᠠᠰᠤᠷᠠᠯᠲᠠ ᠥᠬᠡᠶ ᠨᠠᠩ ᠶᠡᠭᠡ ᠰᠢᠨ᠎ᠡ ᠠᠮᠵᠢᠯᠲᠠ ᠤᠯᠬᠤ ᠶᠢ ᠢᠲᠡᠭᠡᠵᠦ ᠪᠠᠶᠢᠨ᠎ᠠ ᠭᠡᠵᠦ | ᠢᠯᠡᠳᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠵᠢᠴᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠤ ᠡᠷᠬᠢᠨ ᠦᠵᠡᠪᠡ᠃ |