ᠸᠠᠩ ᠰᠢᠶᠤᠤ ᠫᠢᠩ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠵᠤ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ | ᠰᠦᠨ ᠱᠤᠤ ᠴᠧᠩ ᠸᠠᠩ ᠯᠢ ᠰᠢᠶᠠ ᠶᠠᠷᠢᠶ᠎ᠠ ᠲᠠᠯᠪᠢᠵᠠᠢ | 4 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠬᠤᠷᠠᠯ | ᠬᠤᠷᠠᠯᠳᠤᠭᠤᠯᠵᠤ᠂ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠰᠢᠶᠤᠤ ᠫᠢᠩ ᠨᠥᠬᠦᠷ ᠬᠤᠷᠠᠯ ᠳᠤ ᠣᠷᠣᠯᠴᠠᠭᠰᠠᠨ ᠪᠥᠭᠡᠳ | ᠲᠥᠪ ᠬᠤᠷᠢᠶᠠᠨ ᠤ ᠲᠣᠭᠲᠠᠭᠠᠯ ᠢ ᠤᠩᠰᠢᠨ ᠨᠡᠶᠢᠲᠡᠯᠡᠪᠡ᠄ ᠰᠦᠨ ᠱᠤᠤ ᠴᠧᠩ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠭᠡᠰᠢᠭᠦᠨ᠂ ᠪᠠᠶᠢᠩᠭᠤ ᠶᠢᠨ ᠭᠡᠰᠢᠭᠦᠨ᠂ ᠱᠦᠵᠢ ᠶᠢᠨ ᠲᠤᠰᠢᠶᠠᠯ ᠢ ᠬᠠᠷᠢᠭᠤᠴᠠᠨ᠎ᠠ︔ ᠱᠢ ᠲᠠᠢ ᠹᠧᠩ ᠨᠥᠬᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠳᠠᠭᠢᠵᠤ ᠬᠠᠷᠢᠭᠤᠴᠠᠬᠤ ᠥᠬᠡᠶ᠂ ᠪᠤᠰᠤᠳ ᠳᠤᠰᠢᠶᠠᠯ ᠳᠤ | ᠳᠤᠮᠢᠯᠠᠨ᠎ᠠ᠃ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠦᠨ ᠱᠤᠤ ᠴᠧᠩ᠂ ᠸᠠᠩ ᠯᠢ ᠰᠢᠶᠠ ᠶᠠᠷᠢᠶ᠎ᠠ ᠲᠠᠯᠪᠢᠵᠠᠢ᠃ | | | 4 ᠰᠠᠷ᠎ᠠ ᠶᠢᠨ 30 ᠤ ᠦᠳᠡ ᠶᠢᠨ ᠬᠤᠶᠢᠨ᠎ᠠ᠂ ᠰᠦᠨ ᠱᠤᠤ ᠴᠧᠩ ᠨᠥᠬᠦᠷ ︵ᠪᠠᠷᠠᠭᠤᠨᠲᠠᠬᠢ︶ ᠪᠤᠯᠤᠨ ᠱᠢ ᠲᠠᠢ ᠹᠧᠩ ᠨᠦᠬᠦᠷ ᠬᠠᠯᠠᠭᠤᠨ ᠲᠤᠳᠤᠨᠤ ᠪᠠᠷ | ᠭᠠᠷ ᠠᠳᠬᠤᠵᠤ ᠪᠠᠶᠢᠭ᠎ᠠ ᠨᠢ᠃ | ᠶᠤᠸᠠᠨ ᠶᠦᠩ ᠬᠤᠩ ᠰᠡᠬᠦᠳᠡᠷᠯᠡᠪᠡ | ᠱᠢ ᠲᠠᠢ ᠹᠧᠩ᠂ ᠡᠨᠡ ᠤᠳᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠭᠰᠡᠨ ᠨᠢ | ᠨᠠᠮ ᠤᠨ ᠲᠥᠪ ᠬᠤᠷᠢᠶ᠎ᠠ ᠶᠡᠭᠡ ᠲᠠᠯ᠎ᠠ ᠠᠴᠠ ᠡᠭᠦᠰᠴᠦ᠂ ᠥᠪᠥᠷ ᠮᠣᠩᠭᠤᠯ ᠤᠨ ᠠᠵᠢᠯ ᠤᠨ ᠬᠡᠷᠡᠭᠴᠡᠭᠡ ᠶᠢ ᠪᠥᠬᠦ ᠲᠠᠯ᠎ᠠ ᠪᠠᠷ ᠪᠣᠳᠣᠯᠬᠢᠯᠠᠵᠤ ᠲᠤᠬᠳᠠᠭᠠᠬᠰᠠᠨ | ᠲᠣᠭᠲᠠᠭᠠᠯ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠳᠣᠲᠣᠨᠣ ᠪᠠᠷ ᠬᠠᠯᠠᠮᠵᠢᠯᠠᠵᠤ ᠪᠠᠶᠢᠬᠤ᠂ | ᠥᠪᠥᠷ ᠮᠣᠩᠭᠤᠯ ᠤᠨ ᠠᠵᠢᠯ ᠪᠣᠯᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠶᠴᠡᠳ ᠬᠠᠷᠠᠭᠤᠯᠵᠤ | ᠪᠠᠶᠢᠨ᠎ᠠ᠃ ᠪᠢ ᠨᠠᠮ ᠤᠨ ᠲᠥᠪ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠨ᠎ᠠ᠂ ᠰᠦᠨ ᠱᠤᠤ ᠴᠧᠩ ᠨᠥᠬᠦᠷ ᠤᠨ ᠥᠪᠥᠷ ᠮᠣᠩᠭᠤᠯ ᠳᠤ | ᠢᠷᠡᠵᠦ ᠲᠤᠰᠢᠶᠠᠯ ᠡᠭᠦᠷᠭᠡᠯᠡᠨ ᠠᠵᠢᠯᠯᠠᠬᠤ ᠪᠤᠯᠤᠬᠰᠠᠨ ᠢ ᠴᠢᠩ ᠰᠡᠳᠭᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠬᠡᠪᠡ᠃ | ᠱᠢ ᠲᠠᠢ ᠹᠧᠩ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠦᠨᠳᠦᠰᠦᠯᠡᠨ᠂ 2019 ᠣᠨ ᠤ 10 ᠰᠠᠷ᠎ᠠ ᠶᠢᠨ 25 ᠤ ᠡᠳᠦᠷ ᠪᠢ ᠥᠪᠥᠷ ᠮᠣᠩᠭᠤᠯ ᠳᠤ | ᠢᠷᠡᠵᠦ ᠠᠵᠢᠯᠯᠠᠪᠠ᠃ ᠬᠤᠶᠠᠷ ᠵᠢᠯ ᠭᠠᠷᠤᠶ ᠶᠢᠨ ᠲᠤᠷᠰᠢ᠂ ᠪᠢ ᠶᠡᠷᠦᠩᠬᠡᠶ ᠱᠦᠵᠢ ᠰᠢ ᠶᠢᠨ ᠫᠢᠩ ᠤᠨ ᠵᠠᠬᠢᠶ᠎ᠠ ᠰᠤᠷᠭᠠᠯ ᠢ ᠢᠮᠠᠭᠲᠠ ᠪᠠᠲᠤ ᠴᠡᠭᠡᠵᠢᠯᠡᠵᠦ᠂ | ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠥᠬᠦᠳ ᠨᠠᠷ ᠲᠠᠢ ᠪᠠᠨ ᠬᠠᠮᠲᠤ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠶᠴᠡᠳᠭᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠣᠷᠣᠨ ᠤ | ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠳᠡᠨ ᠳᠤ ᠴᠢᠩᠭ᠎ᠠ ᠲᠦᠰᠢᠭᠯᠡᠵᠦ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠠᠭ᠎ᠠ ᠳᠠᠷᠠᠭᠠᠯᠠᠨ ᠬᠠᠲᠠᠭᠤ ᠳᠠᠶᠢᠯᠠᠯᠳᠤᠭᠠᠨ ᠬᠢᠵᠦ᠂ | ᠵᠠᠷᠢᠮ ᠬᠡᠮ ᠰᠣᠭᠤᠭ ᠢ ᠬᠦᠴᠦᠯᠡᠨ ᠠᠷᠢᠯᠭᠠᠵᠤ᠂ ᠵᠠᠷᠢᠮ ᠵᠥᠷᠢᠴᠡᠯ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠵᠠᠷᠢᠮ ᠶᠡᠭᠡ ᠶᠠᠪᠤᠳᠠᠯ ᠴᠢᠬᠤᠯᠠ ᠶᠠᠪᠤᠳᠠᠯ ᠢ | ᠪᠦᠲᠦᠮᠵᠢᠲᠡᠶ ᠠᠬᠢᠭᠤᠯᠪᠠ᠃ ᠪᠢᠳᠡ ᠠᠯᠢᠪᠠ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠪᠥᠬᠦ ᠣᠷᠣᠨ ᠤ ᠡᠯ᠎ᠡ ᠱᠠᠲᠤᠨ ᠤ ᠬᠢᠨ ᠢ ᠬᠥᠲᠥᠯᠥᠨ ᠳᠠᠭᠠᠭᠤᠯᠵᠤ ᠴᠢᠭᠯᠡᠯ ᠤᠨ | ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠦᠷᠭᠦᠯᠵᠢᠯᠡᠨ ᠪᠣᠭᠤᠮᠲᠠ ᠰᠢᠪᠲᠤᠯᠵᠤ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠥᠬᠡᠶ ᠵᠠᠮᠨᠠᠪᠠ᠃ ᠪᠢᠳᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠥ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠦᠳᠦᠬᠡᠨ ᠪᠠᠶᠢᠭᠤᠯᠵᠥ᠂ ᠰᠢᠨ᠎ᠡ ᠡᠨᠧᠷᠭᠢ ᠶᠢᠨ ᠬᠥᠭᠵᠢᠯᠲᠡ ᠶᠢ ᠪᠥᠬᠦ ᠠᠵᠤ ᠦᠶᠯᠡᠰ ᠤᠨ ᠬᠡᠯᠬᠢᠶ᠎ᠡ ᠪᠠᠷ | ᠲᠥᠯᠥᠪᠵᠢᠭᠦᠯᠦᠨ ᠠᠬᠢᠭᠤᠯᠵᠥ᠂ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠥ᠂ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠨᠠᠷᠢᠯᠢᠭ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠥ᠂ ᠴᠢᠩ ᠰᠡᠳᠬᠢᠯ ᠠᠴᠠ ᠪᠠᠨ ᠬᠦᠴᠦ | ᠤᠷᠤᠭᠤᠯᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠥ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠩᠭ᠎ᠠ | ᠬᠠᠳᠠᠭᠤ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠥ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠦᠨ | ᠰᠡᠷᠭᠦᠭᠡᠭᠰᠡᠨ ᠢᠶᠠᠷ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ | ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠤᠯᠠᠮ ᠴᠢᠨᠠᠬᠰᠢᠳᠠ ᠪᠠᠬᠢᠵᠢᠨ ᠬᠥᠭᠵᠢᠪᠡ ᠬᠡᠪᠡ᠃ | ᠱᠢ ᠲᠠᠢ ᠹᠧᠩ᠂ ᠡᠨᠡ ᠬᠡᠳᠦᠨ ᠵᠢᠯ ᠤᠨ ᠥᠩᠭᠡᠷᠡᠯᠲᠡ ᠶᠢ ᠡᠷᠭᠢᠴᠡᠭᠦᠯᠪᠡᠯ᠂ ᠪᠢᠳᠡ ᠴᠥᠭᠡᠨ ᠪᠤᠰᠤ ᠶᠡᠭᠡ ᠶᠠᠪᠤᠳᠠᠯ ᠪᠣᠯᠤᠨ ᠬᠦᠴᠢᠷ ᠶᠠᠪᠤᠳᠠᠯ ᠢ | ᠥᠩᠭᠡᠷᠡᠭᠦᠯᠵᠦ᠂ ᠮᠠᠰᠢ ᠣᠯᠠᠨ ᠥᠷᠢᠰᠥᠯᠳᠦᠭᠡᠨ ᠪᠣᠯᠤᠨ ᠰᠢᠯᠭᠠᠯᠲᠠ ᠶᠢ ᠳᠤᠭᠤᠯᠪᠠ᠂ ᠶᠠᠪᠤᠵᠤ ᠢᠷᠡᠭᠰᠡᠨ ᠵᠠᠮ ᠮᠦᠷ ᠮᠠᠰᠢ ᠬᠢᠯᠪᠠᠷ ᠪᠤᠰᠤ ᠶᠤᠮ᠃ ᠺᠠᠳ᠋ᠷᠴᠤᠳ ᠤᠨ | ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠬᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠤᠯᠤᠰ ᠲᠦᠷᠦ ᠶᠢᠨ ᠠᠮᠢ | ᠠᠬᠤᠢ ᠶᠢ ᠴᠡᠪᠡᠷᠰᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠮᠢ ᠠᠬᠤᠢ ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠬᠦ᠂ ᠦᠨᠳᠦᠰᠦᠲᠡᠨ ᠤ ᠠᠵᠢᠯ ᠤᠨ ᠵᠢᠯᠣᠭᠤᠳᠬᠤ ᠦᠵᠡᠯ ᠰᠠᠨᠠᠭᠠᠨ ᠤ ᠬᠡᠯᠪᠡᠷᠢᠯ ᠵᠥᠷᠢᠶ᠎ᠡ ᠶᠢ ᠵᠠᠯᠠᠷᠠᠭᠤᠯᠬᠤ ᠵᠡᠷᠭᠡ ᠨᠢ ᠴᠥᠮ ᠲᠡᠶᠢᠮᠦ ᠲᠦᠬᠦᠮ | ᠬᠢᠯᠪᠠᠷᠬᠠᠨ ᠢᠶᠠᠷ ᠪᠡᠶᠡᠯᠡᠬᠦᠯᠴᠢᠬᠡᠬᠦ ᠶᠠᠪᠤᠳᠠᠯ ᠪᠢᠰᠢ ᠶᠤᠮ᠂ ᠡᠭᠦᠨ ᠳᠤ ᠴᠥᠭᠡᠨ ᠪᠤᠰᠤ ᠠᠰᠠᠭᠤᠳᠠᠯ ᠨᠢ ᠴᠥᠮ ᠤᠷᠳᠤ ᠬᠤᠭᠤᠴᠠᠭ᠎ᠠ ᠪᠠᠷ ᠬᠤᠷᠠᠮᠳᠤᠨ ᠪᠦᠷᠢᠯᠳᠦᠭᠰᠡᠨ | ᠪᠣᠯᠬᠤᠷ ᠰᠢᠢᠳᠪᠦᠷᠢᠯᠡᠬᠦ ᠳᠤ ᠭᠦᠨ ᠳᠠᠪᠬᠤᠷᠭ᠎ᠠ ᠶᠢᠨ ᠵᠥᠷᠢᠴᠡᠯ ᠢ ᠬᠦᠨᠳᠡᠬᠦ ᠪᠣᠯᠤᠨ᠎ᠠ᠃ ᠪᠦᠰᠡᠯᠡᠯᠲᠡ ᠶᠢ ᠰᠢᠪᠲᠤᠯᠬᠤ᠂ ᠬᠦᠴᠢᠷᠳᠡᠯ ᠢ ᠰᠢᠢᠳᠪᠦᠷᠢᠯᠡᠬᠦ᠂ | ᠰᠢᠢᠳᠪᠦᠷᠢᠯᠡᠬᠦ ᠳᠤ ᠪᠡᠷᠬᠡᠳᠡᠢ ᠪᠠᠶᠢᠳᠠᠯ ᠢ ᠡᠪᠳᠡᠬᠦ ᠶᠠᠪᠤᠴᠠ ᠳᠤ᠂ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ | ᠳᠠᠷᠤᠯᠲᠠ ᠶᠢ ᠲᠤᠯᠵᠤ᠂ ᠬᠠᠷᠰᠢ ᠰᠠᠭᠠᠳ ᠢ ᠠᠷᠢᠯᠭᠠᠵᠤ᠂ ᠵᠣᠷᠢᠭᠲᠠᠢ ᠲᠡᠮᠡᠴᠡᠵᠦ᠂ ᠴᠡᠭᠴᠡᠯᠡᠨ ᠰᠠᠶᠢᠵᠢᠷᠠᠭᠤᠯᠵᠤ ᠵᠠᠰᠠᠨ ᠵᠠᠯᠠᠷᠠᠭᠤᠯᠬᠤ ᠶᠢ ᠡᠷᠡᠰ ᠠᠬᠢᠭᠤᠯᠵᠤ᠂ | ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠨᠠᠷᠢᠯᠢᠭ ᠤᠨᠤᠴᠠᠳᠠᠢ ᠦᠷᠨᠢᠬᠦᠯᠵᠥ᠂ ᠦᠨᠡᠨ ᠬᠦ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠲᠠᠪᠰᠢᠯᠳᠠ ᠳᠤ | ᠴᠢᠭᠯᠡᠯ ᠢ ᠵᠥᠪ ᠡᠵᠡᠮᠳᠡᠵᠦ᠂ ᠬᠠᠷᠰᠢ ᠰᠠᠭᠠᠳ ᠢ ᠠᠷᠢᠯᠭᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠴᠡᠢ᠃ ᠡᠨᠡ ᠬᠡᠳᠦᠨ ᠵᠢᠯ ᠤᠨ | ᠦᠶᠯᠡᠳᠦᠯᠭᠡ ᠶᠢ ᠡᠷᠭᠢᠴᠡᠭᠦᠯᠪᠠᠯ᠂ ᠥᠪᠥᠷ ᠮᠣᠩᠭᠤᠯ ᠤᠨ ᠠᠵᠢᠯ ᠤᠨ ᠣᠯᠤᠭᠰᠠᠨ ᠳᠠᠪᠰᠢᠯᠲᠠ ᠨᠢᠭᠡᠪᠦᠷᠢ᠂ ᠤᠯᠤᠬᠰᠠᠨ ᠦᠷ᠎ᠡ ᠪᠦᠲᠦᠭᠡᠯ ᠨᠢᠬᠡᠪᠦᠷᠢ ᠶᠢᠨ ᠦᠨᠳᠦᠰᠦᠨ | ᠰᠢᠯᠳᠠᠭᠠᠨ ᠨᠢ ᠳᠠᠷᠤᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ | ᠪᠤᠢ᠂ ᠮᠥᠨ ᠴᠦ ᠮᠠᠨ ᠤ ᠪᠤᠢ ᠪᠦᠬᠦᠢ ᠠᠵᠢᠯ ᠢᠶᠠᠨ ᠴᠥᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ ᠡᠷᠡᠰ | ᠲᠥᠯᠥᠪᠵᠢᠭᠦᠯᠵᠦ᠂ ᠠᠳᠬᠤᠵᠥ᠂ ᠬᠢᠭᠰᠡᠨ ᠳᠤ ᠪᠤᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠥ᠂ ᠪᠦᠯᠬᠦᠮᠳᠡᠨ ᠲᠡᠮᠡᠴᠡᠭᠰᠡᠨ ᠳᠤ ᠪᠤᠢ᠂ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠤᠳᠤᠷᠢᠳᠬᠤ ᠪᠠᠭ ᠤᠨ ᠴᠢᠩ ᠦᠨᠡᠨᠴᠢ ᠪᠠᠷ ᠪᠦᠯᠬᠦᠮᠳᠡᠵᠥ᠂ | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠰᠠᠨ ᠳᠤ ᠪᠤᠢ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠰᠢᠷᠭᠠᠭᠤ ᠬᠠᠳᠠᠭᠤᠵᠢᠯᠳᠠᠢ ᠳᠡᠮᠡᠴᠡᠭᠰᠡᠨ ᠳᠤ ᠪᠤᠢ ᠬᠡᠳᠡᠭ ᠢ ᠪᠢᠳᠡ ᠦᠨᠡᠨ ᠬᠦ ᠭᠦᠨᠵᠡᠭᠡᠶ ᠣᠶᠢᠯᠠᠭᠠᠵᠠᠢ ᠬᠡᠪᠡ᠃ | ᠱᠢ ᠲᠠᠢ ᠹᠧᠩ᠂ ᠥᠪᠥᠷ ᠮᠣᠩᠭᠤᠯ ᠳᠤ ᠠᠵᠢᠯᠯᠠᠬᠰᠠᠨ ᠶᠢᠰᠦᠨ ᠵᠠᠭᠤ ᠭᠠᠷᠤᠶ ᠡᠳᠦᠷ ᠬᠤᠨᠤᠭ ᠢᠶᠠᠨ ᠡᠷᠭᠢᠴᠡᠭᠦᠯᠬᠦᠶ᠎ᠡ᠂ ᠪᠢ ᠡᠯ᠎ᠡ ᠠᠶᠢᠮᠠᠭ ᠬᠤᠲᠠ᠂ | ᠬᠤᠰᠢᠭᠤ ᠰᠢᠶᠠᠨ ᠢᠶᠠᠷ ᠬᠦᠷᠴᠦ᠂ ᠮᠠᠰᠢ ᠣᠯᠠᠨ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠮᠠᠯᠵᠢᠬᠤ ᠣᠷᠣᠨ ᠪᠣᠯᠤᠨ | ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠢ ᠪᠠᠷ ᠲᠣᠭᠤᠷᠢᠨ ᠦᠵᠡᠵᠦ᠂ ᠥᠪᠥᠷ ᠮᠣᠩᠭᠤᠯ ᠤᠨ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠭᠦᠨ ᠵᠤᠵᠠᠭᠠᠨ | ᠨᠥᠬᠦᠷᠯᠡᠯ ᠪᠠᠶᠢᠭᠤᠯᠪᠠ᠃ ᠡᠨᠡ ᠨᠥᠬᠦᠷᠯᠡᠯ ᠲᠤᠶᠢᠯ ᠤᠨ ᠡᠷᠬᠢᠮ ᠨᠠᠨᠳᠢᠨ ᠶᠤᠮ᠂ ᠪᠢ ᠰᠡᠳᠭᠢᠯ ᠳᠡᠭᠡᠨ ᠬᠦᠨ ᠬᠠᠳᠠᠩᠰᠢᠭᠤᠯᠵᠥ᠂ ᠥᠨᠢ ᠡᠭᠦᠷᠢᠳᠡ ᠨᠠᠨᠳᠢᠩᠨᠠᠨ᠎ᠠ᠃ | ᠨᠥᠬᠦᠳ ᠲᠠᠢ ᠪᠠᠨ ᠥᠷᠯᠥᠭᠡ ᠦᠳᠡᠰᠢ ᠦᠭᠡᠢ ᠬᠠᠮᠲᠤ ᠠᠵᠢᠯᠯᠠᠵᠤ᠂ ᠮᠥᠷᠥ ᠵᠡᠷᠭᠡᠴᠡᠨ ᠲᠡᠮᠡᠴᠡᠬᠦ ᠳᠤᠮᠳᠠ᠂ ᠪᠢ ᠤᠯᠠᠨ ᠤ ᠪᠡᠶ᠎ᠡ ᠳᠡᠭᠡᠷ᠎ᠡ ᠠᠴᠠ ᠮᠠᠰᠢ ᠤᠯᠠᠨ | ᠰᠠᠶᠢᠨ ᠵᠠᠩ ᠴᠢᠨᠠᠷ᠂ ᠰᠠᠶᠢᠨ ᠰᠤᠷᠲᠠᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠤᠷᠴᠤ ᠮᠠᠰᠢ ᠶᠡᠭᠡ ᠤᠯᠤᠯᠳᠠ ᠲᠠᠢ᠃ ᠥᠪᠥᠷ ᠮᠣᠩᠭᠤᠯ ᠳᠤ ᠠᠵᠢᠯᠯᠠᠭᠰᠠᠨ | ᠡᠨᠡ ᠬᠡᠰᠡᠭ ᠬᠤᠭᠤᠴᠠᠭ᠎ᠠ ᠬᠡᠳᠦᠶᠢᠪᠡᠷ ᠤᠷᠳᠤ ᠪᠢᠰᠢ ᠪᠣᠯᠪᠠᠴᠤ ᠮᠢᠨᠦ ᠨᠢᠭᠡ ᠨᠠᠰᠤᠨ ᠤ ᠬᠠᠮᠤᠭ ᠤᠨ ᠤᠳᠬ᠎ᠠ ᠠᠭᠤᠯᠭ᠎ᠠ ᠲᠠᠢ ᠥᠩᠭᠡᠷᠡᠯᠲᠡ᠂ ᠬᠠᠮᠤᠭ ᠤᠨ | ᠮᠠᠷᠲᠠᠭᠳᠠᠰᠢ ᠦᠭᠡᠢ ᠴᠠᠭ ᠮᠦᠴᠡ ᠪᠣᠯᠤᠨ᠎ᠠ᠃ ᠠᠳᠡᠬᠢ ᠡᠪᠡᠰᠦ ᠮᠣᠳᠣ ᠠᠭᠤᠯᠠ ᠤᠰᠤ᠂ ᠨᠤᠲᠤᠭ ᠤᠰᠤᠨ ᠤ ᠵᠠᠩ ᠠᠷᠠᠨᠰᠢᠨ ᠮᠢᠨᠦ ᠰᠡᠳᠭᠢᠯ ᠳᠤ ᠭᠦᠨ | ᠬᠠᠳᠠᠩᠰᠢᠵᠠᠶ᠂ ᠠᠳᠡᠬᠢ ᠬᠥᠮᠦᠨ ᠬᠢᠬᠡᠳ ᠤᠴᠢᠷ ᠶᠠᠪᠤᠳᠠᠯ ᠨᠠᠳᠠ ᠳᠤ ᠮᠠᠰᠢ ᠣᠯᠠᠨ ᠡᠷᠭᠢᠴᠡᠭᠦᠯᠦᠯ ᠪᠣᠯᠤᠨ ᠳᠣᠭᠳᠣᠯᠤᠯ ᠢ ᠤᠯᠭᠤᠬᠰᠠᠨ᠂ ᠪᠢ ᠠᠳᠡᠬᠢ ᠬᠠᠯᠠᠭᠤᠨ | ᠬᠥᠷᠥᠰᠥ᠂ ᠠᠳᠡᠬᠢ ᠨᠤᠲᠤᠭ ᠤᠨ ᠠᠬ᠎ᠠ ᠳᠡᠭᠦᠦ ᠨᠡᠷ ᠲᠤ ᠭᠦᠨ ᠬᠠᠶᠢᠷᠠᠳᠠᠢ ᠪᠤᠯᠵᠠᠢ᠃ ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠪᠤᠯ ᠮᠢᠨᠦ ᠬᠡᠷ ᠣᠷᠣᠨ᠂ | ᠬᠤᠶᠢᠰᠢᠳᠠ ᠬᠠᠮᠢᠭ᠎ᠠ ᠣᠴᠢᠭᠰᠠᠨ ᠴᠤ ᠪᠢ ᠬᠡᠵᠢᠶᠡᠳᠡ ᠥᠪᠥᠷ ᠮᠣᠩᠭᠤᠯ ᠲᠠᠢ ᠰᠡᠳᠭᠢᠯ ᠵᠢᠷᠦᠬᠡ ᠪᠠᠨ ᠬᠤᠯᠪᠣᠵᠤ᠂ ᠥᠪᠥᠷ ᠮᠣᠩᠭᠤᠯ ᠢ ᠬᠠᠯᠠᠮᠵᠢᠯᠠᠵᠤ᠂ ᠥᠪᠥᠷ | ᠮᠣᠩᠭᠤᠯ ᠢ ᠳᠡᠮᠵᠢᠵᠦ᠂ ᠥᠪᠥᠷ ᠮᠣᠩᠭᠤᠯ ᠤᠨ ᠰᠠᠶᠢᠨ ᠰᠠᠶᠢᠬᠠᠨ ᠢ ᠵᠥᠩᠨᠡᠨᠡ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠦᠨ ᠱᠤᠤ ᠴᠧᠩ ᠨᠥᠬᠦᠷ ᠢᠶᠠᠷ ᠤᠳᠤᠷᠢᠳᠬᠤ ᠪᠠᠭ ᠤᠨ ᠳᠠᠷᠤᠭ᠎ᠠ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠲᠠᠭᠠᠭᠤᠯᠭ᠎ᠠ ᠳᠣᠣᠷ᠎ᠠ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠯᠠᠪᠲᠠᠢ ᠨᠡᠩ ᠶᠡᠭᠡ ᠰᠢᠨ᠎ᠡ ᠠᠮᠵᠢᠯᠲᠠ | ᠤᠯᠬᠤ ᠶᠢ ᠪᠢ ᠪᠠᠲᠤ ᠢᠲᠡᠭᠡᠵᠦ ᠪᠠᠶᠢᠨ᠎ᠠ ᠬᠡᠪᠡ᠃ | ᠰᠦᠨ ᠱᠤᠤ ᠴᠧᠩ᠂ ᠪᠢ ᠨᠠᠮ ᠤᠨ ᠲᠥᠪ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠨ᠎ᠠ᠂ ᠶᠡᠷᠦᠩᠬᠡᠢ ᠱᠦᠵᠢ ᠰᠢ ᠶᠢᠨ ᠫᠢᠩ | ᠪᠣᠯᠤᠨ ᠨᠠᠮ ᠤᠨ ᠲᠥᠪ ᠬᠤᠷᠢᠶᠠᠨ ᠤ ᠢᠲᠡᠭᠡᠯ᠂ ᠭᠦᠨ ᠵᠤᠵᠠᠭᠠᠨ ᠬᠠᠶᠢᠷ᠎ᠠ ᠬᠠᠯᠠᠮᠵᠢ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃ ᠨᠠᠮ ᠤᠨ ᠲᠥᠪ | ᠬᠤᠷᠢᠶ᠎ᠠ ᠠᠴᠠ ᠨᠠᠮ᠎ᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠭᠤᠯᠬᠤ ᠪᠠᠷ | ᠲᠣᠭᠲᠠᠭᠰᠠᠨ ᠳᠤ᠂ ᠡᠭᠦᠷᠭᠡ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠪᠢ ᠭᠦᠨᠵᠡᠭᠡᠢ ᠣᠶᠢᠯᠠᠭᠠᠵᠤ ᠪᠠᠶᠢᠨ᠎ᠠ᠃ ᠪᠢ ᠶᠡᠷᠦᠩᠬᠡᠢ ᠱᠦᠵᠢ ᠰᠢ ᠶᠢᠨ ᠫᠢᠩ ᠤᠨ ᠴᠢᠩ | ᠰᠡᠳᠭᠢᠯ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠪᠦᠯᠬᠦᠮᠳᠡᠵᠦ᠂ ᠥᠪᠥᠷ | ᠮᠣᠩᠭᠤᠯ ᠤᠨ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠬᠠᠮᠲᠤ ᠪᠠᠷ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠭᠡᠵᠦ᠂ ᠰᠢᠷᠭᠠᠭᠤ ᠠᠵᠢᠯᠯᠠᠵᠤ᠂ | ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠲᠠᠯᠪᠢᠵᠥ ᠦᠭᠭᠦᠭᠰᠡᠨ ᠰᠠᠶᠢᠨ ᠰᠠᠶᠢᠬᠠᠨ ᠠᠵᠢᠯ ᠤᠨ ᠰᠠᠭᠤᠷᠢ ᠳᠡᠭᠡᠷ᠎ᠡ ᠥᠪᠥᠷ ᠮᠣᠩᠭᠤᠯ ᠤᠨ ᠶᠠᠪᠤᠳᠠᠯ ᠢ ᠦᠨᠡᠨ | ᠬᠦ ᠰᠠᠶᠢᠲᠤᠷ ᠬᠢᠨ᠎ᠡ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠂ | ᠪᠦᠬᠦ ᠣᠷᠣᠨ ᠤ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠬᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ ᠶᠤᠮ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠶᠠᠷ ᠤᠳᠠᠭ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠵᠤ᠂ ᠪᠦᠬᠦ ᠤᠯᠤᠰ ᠤᠨ | ︽ᠬᠤᠶᠠᠷ ᠬᠤᠷᠠᠯ︾ ᠤᠨ ᠬᠤᠭᠤᠴᠠᠭᠠᠨ ᠳᠤ ᠲᠠᠪᠤᠨ ᠵᠢᠯ ᠳᠠᠷᠠᠭᠠᠯᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ | ᠥᠪᠥᠷ ᠮᠣᠩᠭᠤᠯ ᠤᠨ ᠠᠵᠢᠯ ᠳᠤ ᠠᠯᠢ ᠤᠯᠠᠨ ᠴᠢᠬᠤᠯᠠ ᠵᠢᠭᠠᠪᠤᠷᠢ ᠥᠭᠴᠦ᠂ ᠥᠪᠥᠷ ᠮᠣᠩᠭᠤᠯ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠢ | ᠵᠢᠭᠠᠵᠤ ᠥᠭᠴᠡᠢ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠱᠢ ᠲᠠᠢ ᠹᠧᠩ | ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠳᠠᠭᠠᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠥ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠶᠢ ᠪᠠᠷᠢᠮᠳᠠᠯᠠᠵᠥ᠂ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠯᠡᠨ ᠠᠬᠢᠭᠤᠯᠵᠥ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠤᠭᠰᠠᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠵᠥ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠥ᠂ | ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠬᠦᠴᠦᠲᠡᠶ ᠠᠷᠭᠠᠴᠠᠭᠠᠵᠥ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠥ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠥ᠂ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠬᠦᠯᠵᠥ᠂ | ᠪᠠᠶᠢᠭᠠᠯᠢ ᠶᠢᠨ ᠠᠮᠢ ᠠᠬᠤᠶ ᠶᠢ ᠬᠦᠴᠦᠲᠡᠶ ᠰᠡᠷᠭᠦᠭᠡᠵᠥ᠂ ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠰᠤᠷᠠᠯᠲᠠ ᠥᠬᠡᠶ ᠰᠠᠶᠢᠵᠢᠷᠠᠵᠥ᠂ ᠦᠨᠳᠦᠰᠦᠲᠡᠨ ᠤ ᠪᠦᠯᠬᠦᠮᠳᠡᠯ | ᠨᠠᠩ ᠪᠠᠬᠢᠵᠢᠵᠥ᠂ ᠪᠦᠬᠦ ᠣᠷᠣᠨ ᠤ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠵᠥ᠂ ᠥᠪᠥᠷ ᠮᠣᠩᠭᠤᠯ ᠤᠨ ᠨᠡᠩ ᠥᠨᠳᠥᠷ ᠬᠠᠷᠠᠯᠲᠠ ᠲᠡᠶᠢᠰᠢ | ᠤᠷᠤᠭᠰᠢᠯᠠᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠱᠢ ᠲᠠᠢ ᠹᠧᠩ ᠨᠥᠬᠦᠷ ᠤᠨ ᠥᠪᠥᠷ ᠮᠣᠩᠭᠤᠯ ᠤᠨ ᠬᠥᠭᠵᠢᠯᠲᠡ ᠳᠤ ᠦᠵᠡᠭᠦᠯᠦᠭᠰᠡᠨ | ᠠᠷᠢᠭᠤᠨ ᠬᠥᠯᠥᠰᠥ ᠰᠢᠷᠭᠠᠭᠤ ᠭᠦᠳᠡᠯᠮᠦᠷᠢ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠂ ᠱᠢ ᠲᠠᠢ ᠹᠧᠩ ᠨᠥᠬᠦᠷ ᠤᠨ ᠥᠪᠥᠷ ᠮᠣᠩᠭᠤᠯ ᠢ ᠦᠷᠭᠦᠯᠵᠢᠯᠡᠨ | ᠬᠠᠯᠠᠮᠵᠢᠯᠠᠨ ᠳᠡᠮᠵᠢᠬᠦ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ ᠬᠡᠪᠡ᠃ | ᠰᠦᠨ ᠱᠤᠤ ᠴᠧᠩ᠂ ᠥᠪᠥᠷ ᠮᠣᠩᠭᠤᠯ ᠪᠣᠯ ᠰᠠᠶᠢᠬᠠᠨ ᠤᠷᠤᠨ ᠶᠤᠮ᠂ ᠥᠷᠭᠡᠨ ᠠᠭᠤᠳᠠᠮ ᠰᠦᠷᠯᠢᠭ ᠦᠵᠡᠮᠵᠢᠳᠠᠢ᠂ ᠡᠳ᠋ ᠪᠠᠶᠠᠯᠢᠭ ᠡᠯᠪᠡᠭ ᠬᠥᠮᠦᠨ | ᠠᠷᠠᠳ ᠨᠢ ᠰᠡᠷᠬᠦᠯᠡᠩ ᠠᠪᠬᠠᠯᠵᠢᠳᠠᠢ ᠶᠤᠮ᠃ ᠥᠨᠥᠳᠦᠷ ᠠᠴᠠ ᠡᠬᠢᠯᠡᠭᠡᠳ ᠪᠢ ᠥᠪᠥᠷ ᠮᠣᠩᠭᠤᠯ ᠤᠨ ᠬᠥᠮᠦᠨ ᠪᠣᠯᠤᠯ᠎ᠠ᠃ ᠪᠢ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠰᠢᠶᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ | ᠣᠪᠣᠷ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠨᠢᠭᠡ ᠳᠤ᠂ ᠢᠮᠠᠭᠲᠠ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠰᠡᠨ︾ ᠤ ᠰᠢᠶᠳᠪᠦᠷᠢᠯᠡᠬᠦ ᠴᠢᠨᠠᠷᠲᠠᠶ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠥᠪᠥᠷ ᠮᠣᠩᠭᠤᠯ ᠤᠨ ᠡᠬᠡ ᠭᠠᠵᠠᠷ ᠲᠤ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ᠠᠯᠳᠠᠨ ᠦᠰᠦᠭᠲᠦ ᠫᠠᠶᠢᠰᠠ ᠶᠢ ᠰᠠᠶᠢᠲᠤᠷ ᠬᠠᠮᠠᠭᠠᠯᠠᠵᠤ᠂ ᠰᠢᠨ᠎ᠡ ᠴᠠᠭ | ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠨ᠎ᠠ᠃ ᠬᠤᠶᠠᠷ ᠲᠤ᠂ ᠪᠦᠬᠦ ᠰᠡᠳᠭᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦᠨ᠎ᠠ᠃ ᠣᠯᠠᠨ ᠲᠦᠮᠡᠨ ᠤ ᠳᠤᠮᠳᠠ ᠢᠯᠡᠭᠦᠬᠡᠨ ᠣᠴᠢᠵᠤ᠂ ᠲᠡᠳᠡᠨ ᠲᠠᠢ ᠨᠢᠭᠡ ᠰᠠᠨᠳᠠᠯᠢ | ᠳᠡᠭᠡᠷ᠎ᠡ ᠰᠠᠭᠤᠵᠤ᠂ ᠬᠡᠵᠢᠶ᠎ᠡ ᠴᠦ ᠭᠡᠰᠡᠨ ᠤᠭ ᠢᠶᠠᠨ ᠮᠠᠷᠲᠠᠬᠤ ᠦᠭᠡᠢ᠂ ᠦᠨᠡᠨ ᠬᠦ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠣᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠥᠭᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠵᠡᠷᠭᠡ ᠪᠣᠳᠠᠲᠠᠶ ᠠᠰᠠᠭᠤᠳᠠᠯ ᠢ ᠬᠦᠴᠦᠯᠡᠨ | ᠰᠢᠶᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠤᠯᠠᠮ ᠰᠠᠶᠢᠨ ᠪᠣᠯᠭᠠᠨ᠎ᠠ᠃ ᠭᠤᠷᠪᠠ ᠳᠤ᠂ ᠴᠢᠨᠠᠷ ᠰᠠᠶᠢᠲᠠᠶ ᠬᠥᠭᠵᠢᠯᠲᠡ ᠶᠢ | ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠳᠠᠪᠠᠭᠤᠯᠢᠭ ᠲᠠᠭᠠᠨ ᠰᠠᠭᠤᠷᠢᠯᠠᠵᠤ᠂ ᠳᠠᠯᠳᠠ | ᠬᠦᠴᠦᠨ ᠢᠶᠠᠨ ᠠᠭᠤᠳᠠᠯᠵᠤ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠥᠷᠢᠯᠡᠬᠦ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠪᠣᠬᠢᠷᠲᠤᠯ ᠥᠬᠡᠶ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠨᠠᠩ ᠰᠠᠶᠢᠲᠤᠷ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠤᠨ᠎ᠠ᠃ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠲᠡᠰᠪᠦᠷᠢ ᠬᠠᠲᠠᠭᠤᠵᠢᠯᠲᠠᠢ ᠲᠡᠮᠡᠴᠡᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠦᠭᠡ ᠬᠡᠯᠡᠵᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ | ᠪᠣᠳᠠᠲᠠᠢ ᠶᠢ ᠡᠷᠬᠢᠮᠯᠡᠵᠦ᠂ ᠪᠣᠳᠠᠲᠤ ᠦᠷ᠎ᠡ ᠪᠦᠲᠦᠮᠵᠢ ᠶᠢ ᠡᠷᠢᠯᠬᠢᠯᠡᠵᠤ᠂ ᠶᠠᠭᠠᠬᠢᠬᠰᠠᠨ ᠴᠤ ᠦᠩᠬᠡᠨ ᠲᠠᠯ᠎ᠠ ᠶᠢᠨ ᠠᠵᠢᠯ ᠬᠢᠬᠦ ᠦᠭᠡᠢ᠂ ᠡᠯ᠎ᠡ ᠵᠦᠢᠯ ᠤᠨ ᠠᠵᠢᠯ ᠢ | ᠪᠣᠳᠠᠲᠠᠢ ᠠᠳᠬᠤᠵᠤ᠂ ᠨᠠᠷᠢᠯᠢᠭ ᠬᠢᠵᠦ᠂ ᠥᠪᠥᠷ ᠮᠣᠩᠭᠤᠯ ᠤᠨ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠨᠢᠭᠡᠨ ᠭᠠᠵᠠᠷ ᠣᠷᠣᠨ ᠳᠤ ᠨᠣᠶᠠᠨ | ᠰᠠᠭᠤᠪᠠᠯ᠂ ᠲᠡᠷᠡ ᠭᠠᠵᠠᠷ ᠤᠷᠤᠨ ᠳᠤ ᠪᠤᠶᠠᠨ ᠦᠢᠯᠡᠳᠬᠦ︾ ᠶᠢ ᠴᠢᠷᠮᠠᠶᠢᠨ ᠪᠡᠶᠡᠯᠡᠭᠦᠯᠤᠨ᠎ᠠ᠃ ᠳᠥᠷᠪᠡ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠶᠢ ᠨᠠᠩ ᠴᠢᠬᠤᠯᠠᠴᠢᠯᠠᠨ᠎ᠠ᠃ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠥᠪᠥᠷ ᠮᠣᠩᠭᠤᠯ ᠤᠨ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ᠂ | ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠤ᠂ ᠳᠣᠲᠣᠨ᠎ᠠ ᠪᠠᠨ ᠲᠠᠬᠢᠨ ᠲᠡᠯᠬᠡᠷᠡᠬᠦ ᠶᠢ | ᠰᠡᠷᠬᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠣᠯᠤᠨ ︽ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ | ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠳᠣᠪᠣᠶᠢᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠠᠳᠬᠤᠵᠤ ᠪᠣᠳᠠᠲᠠᠶ ᠠᠳᠬᠤᠨ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠶᠡᠭᠡ | ᠬᠡᠪᠴᠢᠶ᠎ᠠ ᠪᠠᠷ ᠳᠠᠬᠢᠨ ᠡᠬᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠠᠪᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠤᠨ᠎ᠠ᠃ ᠨᠠᠮ ᠤᠨ ᠪᠠᠶᠢᠭᠤᠯᠤᠯᠲᠠ ᠢᠯᠠᠩᠭᠤᠶ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠵᠤ᠂ ᠢᠯᠵᠠᠷᠠᠯ ᠤᠨ ᠬᠤᠤᠷᠲᠤ ᠬᠠᠪᠤᠳᠠᠷ ᠢ ᠡᠷᠡᠰ ᠠᠷᠢᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠠᠮᠲᠤ ᠪᠠᠷ ᠤᠳᠤᠷᠢᠳᠬᠤ᠂ ᠠᠷᠠᠳᠴᠢᠯᠠᠯ ᠢᠶᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠥᠪ ᠭᠤᠣᠯᠴᠢ᠂ ᠠᠵᠢᠯ ᠦᠢᠯᠡᠰ ᠢ ᠳᠡᠭᠡᠳᠦᠯᠡᠬᠦ ᠶᠢ ᠪᠠᠷᠢᠮᠲᠠᠯᠠᠵᠤ᠂ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠠᠶᠢᠨ ᠰᠠᠶᠢᠬᠠᠨ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠤᠨ | ᠪᠦᠷᠢᠯᠳᠦᠬᠦ ᠶᠢ ᠠᠬᠢᠭᠤᠯᠤᠨ᠎ᠠ᠃ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠢ ᠬᠠᠯᠳᠠᠬᠤ ᠦᠬᠡᠢ᠂ ᠥᠨᠳᠥᠷ ᠳᠠᠷᠤᠯᠲᠠᠲᠤ ᠱᠤᠭᠤᠮ ᠢ ᠬᠦᠨᠳᠡᠬᠦ | ᠦᠭᠡᠢ᠂ ᠠᠷᠢᠭᠤᠨ ᠴᠢᠭᠡᠴᠢ᠂ ᠠᠰᠪᠤᠷ ᠴᠠᠭᠠᠪᠤᠷ ᠪᠠᠶᠢᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠪᠣᠯᠤᠨ ᠲᠥᠪ ᠴᠢᠬᠡᠴᠢ ᠵᠣᠷᠢᠭ ᠰᠠᠨᠠᠭ᠎ᠠ ᠶᠢ | ᠡᠭᠦᠷᠢᠳᠡ ᠬᠠᠳᠠᠭᠠᠯᠠᠨ᠎ᠠ ᠭᠡᠵᠤ ᠬᠡᠯᠡᠪᠡ᠃ | ᠰᠦᠨ ᠱᠤᠤ ᠴᠧᠩ᠂ ᠡᠨᠡ ᠵᠢᠯ ᠤᠨ ᠳᠣᠣᠷ᠎ᠠ ᠬᠠᠭᠠᠰ ᠵᠢᠯ ᠳᠤ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠪᠣᠯ ᠨᠠᠮ | ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠬᠡᠨ ᠶᠡᠭᠡ ᠶᠠᠪᠤᠳᠠᠯ ᠪᠣᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠥᠷᠨᠢᠭᠦᠯᠵᠦ᠂ ᠠᠵᠤ | ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ | ᠬᠠᠮᠠᠭᠠᠯᠠᠵᠤ᠂ ᠤᠯᠤᠰ ᠲᠦᠷᠦ ᠶᠢᠨ ᠣᠷᠴᠢᠨ ᠲᠤᠭᠤᠷᠢᠨ ᠤ ᠲᠥᠪ ᠴᠢᠬᠡᠴᠢ ᠪᠠᠶᠢᠬᠤ ᠶᠢ ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ᠎ᠠ ᠭᠡᠵᠤ ᠬᠡᠯᠡᠪᠡ᠃ | ᠸᠠᠩ ᠯᠢ ᠰᠢᠶᠠ᠂ ᠨᠠᠮ ᠤᠨ ᠲᠥᠪ ᠬᠤᠷᠢᠶ᠎ᠠ ᠠᠴᠠ ᠰᠦᠨ ᠱᠤᠤ ᠴᠧᠩ ᠨᠥᠬᠦᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠪᠥᠷ | ᠮᠣᠩᠭᠤᠯ ᠳᠠᠬᠢ ᠳᠣᠲᠣᠨᠣ ᠬᠠᠯᠠᠮᠵᠢᠯᠠᠯ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠭᠦᠢᠴᠡᠳ ᠢᠯᠡᠷᠡᠭᠦᠯᠪᠠ᠂ ᠪᠢᠳᠡ | ᠨᠠᠮ ᠤᠨ ᠲᠥᠪ ᠬᠤᠷᠢᠶᠠᠨ ᠤ ᠲᠣᠭᠲᠠᠭᠠᠯ ᠢ ᠪᠦᠷᠢᠮᠦᠰᠦᠨ ᠬᠦᠷᠢᠶᠡᠯᠡᠵᠦ ᠪᠠᠶᠢᠨ᠎ᠠ᠃ ᠱᠢ ᠲᠠᠢ ᠹᠧᠩ ᠨᠥᠬᠦᠷ ᠥᠪᠥᠷ ᠮᠣᠩᠭᠤᠯ ᠳᠤ ᠠᠵᠢᠯᠯᠠᠵᠤ ᠪᠠᠶᠢᠬᠤ | ᠬᠤᠭᠤᠴᠠᠭᠠᠨ ᠳᠠᠭᠠᠨ᠂ ᠪᠦᠬᠦ ᠣᠷᠣᠨ ᠳᠠᠶᠠᠭᠠᠷ ᠢ ᠪᠦᠯᠬᠦᠮᠳᠡᠭᠦᠯᠦᠨ ᠳᠠᠭᠠᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠭᠯᠡᠯᠲᠦ ᠴᠢᠨᠠᠷᠳᠠᠢ᠂ | ᠪᠦᠬᠦ ᠲᠠᠯ᠎ᠠ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠢ ᠦᠷᠬᠦᠯᠵᠢᠯᠡᠨ ᠪᠤᠭᠤᠮᠳᠠ ᠰᠢᠪᠳᠤᠯᠤᠨ ᠰᠢᠢᠳᠪᠦᠷᠢᠯᠡᠵᠤ᠂ ᠰᠠᠭᠤᠷᠢ ᠶᠢ | ᠲᠠᠯᠪᠢᠬᠰᠠᠨ᠂ ᠠᠯᠤᠰ ᠭᠡᠳᠦ ᠳᠤ ᠠᠰᠢᠭᠲᠠᠶ᠂ ᠦᠨᠳᠤᠰᠤᠨ ᠵᠦᠢᠯ ᠢ ᠬᠠᠮᠤᠷᠤᠭᠰᠠᠨ ᠠᠵᠢᠯ ᠢ ᠦᠷᠬᠦᠯᠵᠢᠯᠡᠨ ᠬᠦᠴᠤᠯᠡᠨ ᠰᠠᠶᠢᠳᠤᠷ ᠬᠢᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ ᠲᠠᠯ᠎ᠠ ᠪᠠᠷ ᠴᠢᠬᠤᠯᠠ ᠶᠡᠭᠡ ᠰᠢᠨ᠎ᠡ ᠠᠬᠢᠯᠲᠠ ᠭᠠᠷᠭᠠᠵᠦ᠂ ᠪᠣᠬᠢᠷᠲᠤᠯ ᠦᠭᠡᠢ ᠲᠠᠶᠢᠰᠢ ᠬᠥᠭᠵᠢᠯᠲᠡ ᠶᠢᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ | ᠴᠢᠬᠤᠯᠠ ᠶᠡᠭᠡ ᠰᠢᠨ᠎ᠡ ᠦᠷ᠎ᠡ ᠪᠦᠲᠦᠭᠡᠯ ᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ ᠴᠢᠬᠤᠯᠠ ᠶᠡᠭᠡ ᠰᠢᠨ᠎ᠡ ᠠᠬᠢᠴᠠ ᠲᠠᠢ | ᠪᠣᠯᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠪᠠ ᠵᠠᠰᠠᠨ ᠰᠡᠷᠭᠦᠭᠡᠬᠦ ᠲᠠᠯ᠎ᠠ ᠪᠠᠷ ᠢᠯᠡᠳᠲᠡ ᠰᠠᠶᠢᠵᠢᠷᠠᠯᠲᠠ ᠲᠠᠢ ᠪᠣᠯᠵᠠᠢ ᠭᠡᠵᠤ ᠬᠡᠯᠡᠪᠡ᠃ | ᠸᠠᠩ ᠯᠢ ᠰᠢᠶᠠ᠂ ᠰᠦᠨ ᠱᠤᠤ ᠴᠧᠩ ᠨᠥᠬᠦᠷ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠬᠠᠷᠠᠭᠠᠰᠤ ᠥᠷᠭᠡᠨ᠂ ᠲᠥᠪ ᠭᠤᠣᠯᠴᠢ᠂ ᠪᠣᠳᠠᠲᠠᠢ ᠶᠢ | ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠦᠷᠦ᠂ ᠪᠠᠶᠢᠯᠳᠤᠬᠤ ᠪᠤᠳᠤᠯᠭ᠎ᠠ᠂ ᠪᠦᠬᠦ ᠲᠠᠯ᠎ᠠ ᠠᠴᠠ ᠠᠰᠠᠭᠤᠳᠠᠯ ᠢ ᠡᠵᠡᠮᠳᠡᠵᠤ᠂ ᠠᠵᠢᠯ ᠢᠶᠠᠨ ᠠᠬᠢᠭᠤᠯᠬᠤ ᠳᠤ | ᠴᠢᠳᠠᠮᠠᠭᠠᠢ ᠶᠤᠮ᠂ ᠰᠦᠨ ᠱᠤᠤ ᠴᠧᠩ ᠨᠥᠬᠦᠷ ᠢᠶᠠᠷ ᠤᠳᠤᠷᠢᠳᠤᠬᠤ ᠪᠠᠭ ᠤᠨ ᠳᠠᠷᠤᠭ᠎ᠠ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠠᠭᠠᠭᠤᠯᠭ᠎ᠠ ᠳᠣᠣᠷ᠎ᠠ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠯᠠᠪᠲᠠᠢ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠵᠦ ᠴᠢᠳᠠᠨ᠎ᠠ ᠭᠡᠳᠡᠭ ᠢ ᠪᠠᠲᠤ | ᠢᠲᠡᠭᠡᠵᠦ ᠪᠠᠶᠢᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠲᠤᠭ ᠲᠡᠮᠳᠡᠭ | ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠯᠭ᠎ᠠ ᠡᠭᠦᠷᠭᠡᠯᠡᠵᠤ᠂ ᠨᠢᠳᠦᠨ ᠴᠡᠴᠡᠭᠡᠶ ᠪᠠᠨ ᠬᠠᠶᠢᠷᠠᠯᠠᠬᠤ ᠮᠠᠳᠤ ᠤᠳᠤᠷᠢᠳᠬᠤ | ᠪᠠᠭ ᠤᠨ ᠪᠦᠯᠬᠦᠮᠳᠡᠯ ᠢ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠠᠨᠳᠢᠩᠨᠠᠨ ᠬᠠᠮᠠᠭᠠᠯᠠᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ | ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠡᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠦᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ᠂ ᠺᠣᠮᠢᠰᠰᠠᠷ︔ ᠳᠡᠳ᠋ ᠮᠤᠵᠢ ᠶᠢᠨ ᠱᠠᠲᠤᠨ ᠠᠴᠠ ᠳᠡᠭᠡᠭᠰᠢᠬᠢ ᠠᠬᠠᠮᠠᠳ | ᠨᠥᠬᠦᠳ︔ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠠᠶᠢᠮᠠᠭ | ᠬᠤᠲᠠ᠂ ᠮᠠᠨᠵᠤᠤᠷ᠂ ᠡᠷᠢᠶᠡᠨ ᠬᠤᠲᠠ ᠶᠢᠨ ᠨᠠᠮ ᠵᠠᠰᠠᠭ ᠤᠨ ᠵᠢᠩᠬᠢᠨᠢ ᠲᠤᠰᠢᠶᠠᠯᠳᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠲᠡᠰ᠂ ᠵᠥᠪᠯᠡᠯ᠂ ᠠᠯᠪᠠᠨ ᠬᠡᠷ᠂ | ᠲᠢᠩᠬᠢᠮ᠂ ᠲᠣᠪᠴᠢᠶ᠎ᠠ ᠪᠣᠯᠤᠨ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠪᠣᠯᠤᠨ ᠶᠡᠭᠡ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ | ᠨᠥᠬᠦᠳ︔ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |