ᠸᠠᠩ ᠯᠢ ᠰᠢᠶᠠ ᠬᠥᠬᠡᠬᠤᠲᠠ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠬᠤ ᠳᠠᠭᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠪᠦᠲᠦᠮᠵᠢᠲᠡᠶ ᠲᠦᠷᠭᠡᠳᠭᠡᠵᠦ ᠯᠠᠪᠳᠠᠭᠤᠨ ᠪᠠᠲᠤᠲᠠᠶ ᠠᠳᠬᠤᠵᠤ ᠬᠥᠭᠵᠢᠯᠲᠡ ᠶᠢᠨ ᠦᠷ᠎ᠡ ᠪᠦᠲᠦᠮᠵᠢ ᠭᠠᠷᠭᠠᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/5/5
      5 ᠰᠠᠷ᠎ᠠ ᠶᠢᠨ 1 ᠤ ᠡᠳᠦᠷ᠂ ᠲᠠᠷᠤᠢ ᠠᠮᠠᠷᠠᠯᠲᠠ ᠶᠢᠨ ᠬᠤᠶᠠᠳᠤᠭᠠᠷ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠮᠠᠷᠠᠯᠳᠠ ᠶᠢᠨ ᠴᠠᠭ ᠢᠶᠠᠨ ᠠᠰᠢᠬᠯᠠᠨ ᠬᠤᠷᠢᠨᠭᠡᠷ ᠰᠢᠨ᠎ᠡ ᠲᠣᠭᠤᠷᠢᠭ ᠪᠠ ᠬᠤᠯᠪᠣᠭᠳᠠᠯ ᠪᠦᠬᠦᠢ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠲᠡᠢ ᠪᠦᠲᠦᠮᠵᠢᠲᠡᠢ ᠲᠦᠷᠭᠡᠳᠭᠡᠵᠦ᠂ ᠯᠠᠪᠳᠠᠭᠤᠨ ᠪᠠᠲᠤᠲᠠᠢ ᠠᠳᠬᠤᠵᠤ ᠬᠥᠭᠵᠢᠯᠲᠡ ᠶᠢᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

1.jpg

      ᠵᠥᠩ ᠺᠧ ᠬᠡᠲᠦ ᠪᠤᠳᠤᠯᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠢᠷᠡᠵᠦ᠂ ᠥᠪᠥᠷ ᠮᠣᠩᠭᠤᠯ ᠤᠨ ᠬᠡᠲᠦ ᠶᠡᠭᠡ

ᠲᠠᠷᠢᠬᠢᠨ ᠤ ᠳ᠋ᠠᠶᠢᠲ᠋ᠠ ᠶᠢᠨ ᠲᠥᠪ ᠲᠤ ᠸᠠᠩ ᠯᠢ ᠰᠢᠶᠠ ᠺᠣᠮᠫᠠᠨᠢ ᠶᠢᠨ ᠠᠵᠢᠯᠯᠠᠭᠠᠨ ᠪᠠ ᠬᠡᠷᠡᠭᠯᠡᠭᠡᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠠᠵᠤ

ᠠᠬᠤᠶᠢᠯᠠᠯ ᠤᠨ ᠬᠠᠮᠢᠶ᠎ᠠ ᠪᠥᠬᠦᠶ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠸᠠᠩ ᠯᠢ ᠰᠢᠶᠠ᠂ ᠪᠥᠬᠦ ᠤᠯᠤᠰ ᠲᠤ ᠬᠠᠨᠳᠤᠭᠤᠯᠵᠤ᠂ ᠪᠥᠬᠦ ᠳᠡᠯᠡᠬᠡᠶ ᠳᠤ ᠬᠠᠨᠳᠤᠭᠤᠯᠤᠨ

ᠲᠣᠮᠣ ᠳ᠋ᠠᠶᠢᠲ᠋ᠠ ᠶᠢᠨ ᠬᠡᠷᠡᠭᠯᠡᠭᠡᠨ ᠤ ᠪᠠᠶᠢᠳᠠᠯ ᠢ ᠥᠷᠭᠡᠳᠭᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠴᠠᠭ ᠲᠤᠬᠠᠶ ᠳᠤᠨᠢ ᠳᠠᠭᠠᠵᠤ᠂

ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠢᠳᠡᠪᠬᠢᠲᠡᠶ ᠰᠠᠨᠠᠭᠠᠴᠢᠯᠠᠭ᠎ᠠ ᠠᠴᠠ ᠪᠠᠨ

ᠠᠵᠢᠯᠯᠠᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ᠂ ᠳ᠋ᠠᠶᠢᠲ᠋ᠠ ᠶᠢ ᠬᠠᠪᠰᠤᠷᠤᠨ ᠵᠠᠬ᠎ᠠ ᠳᠡᠯᠭᠡᠭᠦᠷ ᠡᠷᠢᠬᠦ ᠬᠡᠷᠡᠭᠲᠡᠶ᠃ ᠠᠵᠤ ᠦᠢᠯᠡᠰ ᠪᠠ

ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ

ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠶ ᠬᠡᠵᠥ ᠴᠢᠬᠤᠯᠠᠴᠢᠯᠠᠪᠠ᠃

2.jpg

3.jpg

 

      ᠳᠠᠷᠠᠭ᠎ᠠ ᠨᠢ᠂ ᠸᠠᠩ ᠯᠢ ᠰᠢᠶᠠ ᠰᠢ ᠪᠸᠢ ᠢᠲᠡᠬᠡᠨ ᠤᠮᠲᠠᠭᠠᠨ ᠤ ᠪᠥᠯᠥᠭᠯᠡᠯ ᠤᠨ ᠵᠢᠶᠠ ᠭᠦᠸᠧ ᠯᠦᠩ ᠲᠡᠰ ᠠᠴᠠ ᠳᠠᠪᠠᠭᠰᠠᠨ ᠭᠤᠣᠯ ᠲᠤᠭᠤᠭᠠᠨ ᠬᠡᠷ ᠤᠨ

ᠲᠦᠷᠦᠯ ᠵᠦᠢᠯ᠂ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠪ ᠤᠨ ᠲᠦᠷᠦᠯ ᠵᠦᠢᠯ ᠪᠣᠯᠤᠨ

ᠵᠧᠩ ᠳ᠋ᠡ ᠪᠦᠯᠦᠭᠯᠡᠯ ᠤᠨ ᠬᠤᠩ ᠶᠧ ᠠᠯᠠᠵᠤ ᠨᠢᠳᠤᠯᠤᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠳᠤ ᠬᠦᠷᠴᠦ᠂ ᠲᠤᠬᠠᠢ ᠶᠢᠨ ᠲᠠᠯᠠᠪᠠᠢ ᠳᠤ ᠤᠷᠤᠵᠦ᠂

ᠠᠬᠢᠴᠠ ᠶᠢ ᠦᠵᠡᠵᠦ᠂ ᠪᠠᠶᠢᠳᠠᠯ ᠢ ᠠᠰᠠᠭᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠳᠤ ᠲᠤᠯᠭᠠᠷᠠᠭᠰᠠᠨ

ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠡᠯ᠎ᠡ

ᠲᠦᠷᠦᠯ ᠤᠨ ᠴᠢᠬᠤᠯᠠ ᠶᠡᠭᠡ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ

ᠲᠦᠷᠦᠯ ᠵᠦᠢᠯ ᠤᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠱᠠᠯᠠᠪᠳᠠᠨ ᠪᠠᠶᠢᠭᠤᠯᠤᠨ ᠲᠡᠭᠦᠯᠳᠡᠷᠵᠢᠭᠦᠯᠵᠦ᠂ ᠲᠥᠪᠯᠡᠷᠡᠯ ᠤᠨ ᠦᠢᠯᠡᠳᠦᠯ ᠢ ᠪᠦᠷᠢᠯᠳᠦᠭᠦᠯᠵᠦ᠂

ᠡᠷᠴᠢᠮᠵᠢᠭᠦᠯᠦᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠤᠬᠴᠠᠵᠢᠭᠤᠯᠤᠨ ᠠᠬᠢᠭᠤᠯᠬᠤ ᠶᠢ

ᠪᠠᠷᠢᠮᠲᠠᠯᠠᠵᠤ᠂ ᠡᠨᠧᠷᠭᠢ ᠶᠢᠨ ᠪᠦᠲᠦᠴᠡ ᠳᠤ ᠲᠦᠷᠭᠡᠨ ᠲᠤᠬᠢᠷᠠᠭᠤᠯᠤᠯᠳᠠ ᠬᠢᠵᠦ᠂ ︽ᠪᠣᠬᠢᠷᠲᠤᠯ ᠦᠭᠡᠢ ᠴᠠᠬᠢᠯᠭᠠᠨ︾ ᠤ ᠬᠡᠷᠡᠭᠯᠡᠭᠡᠨ ᠤ ᠬᠡᠪᠴᠢᠶ᠎ᠡ ᠶᠢ ᠥᠷᠭᠡᠳᠭᠡᠵᠦ᠂

ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ

ᠭᠡᠵᠥ ᠴᠢᠬᠤᠯᠠᠴᠢᠯᠠᠪᠠ᠃

4.jpg

      ᠮᠧᠩ ᠨᠢᠦ ᠰᠦᠨ ᠤ ᠦᠶᠯᠡᠰ ᠤᠨ ᠠᠵᠤ ᠦᠶᠯᠡᠰ ᠤᠨ ᠬᠦᠷᠢᠶᠡᠯᠡᠩ ᠤᠨ ᠨᠠᠶᠮᠠᠳᠤᠭᠠᠷ ᠬᠤᠭᠤᠴᠠᠭᠠᠨ ᠤ ᠦᠶᠯᠡᠳᠪᠦᠷᠢ ᠪᠣᠯᠤᠨ ᠲᠠᠯ᠎ᠠ ᠨᠤᠲᠤᠭ ᠤᠨ ᠰᠢᠨ᠎ᠡ

ᠮᠠᠯᠴᠢᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠳᠤ ᠸᠠᠩ ᠯᠢ ᠰᠢᠶᠠ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ

ᠪᠠᠲᠤ ᠴᠡᠭᠡᠵᠢᠯᠡᠵᠦ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯᠡᠬᠢ︾ ᠪᠥᠬᠦ ᠬᠡᠯᠬᠢᠶ᠎ᠡ ᠶᠢᠨ ᠳᠤᠭᠤᠷᠢᠨ ᠳᠤ ᠠᠵᠤ ᠦᠶᠯᠡᠰ ᠤᠨ ᠬᠡᠯᠬᠢᠶ᠎ᠡ ᠪᠣᠯᠤᠨ

ᠰᠢᠨ᠎ᠡ ᠶᠢ ᠡᠭᠦᠳᠬᠦ ᠬᠡᠯᠬᠢᠶ᠎ᠡ ᠶᠢ ᠪᠤᠵᠠᠭᠠᠶᠢᠷᠠᠭᠤᠯᠵᠤ᠂ ᠠᠵᠤ ᠦᠶᠯᠡᠰ ᠤᠨ ᠬᠡᠯᠬᠢᠶ᠎ᠡ ᠶᠢᠨ ᠰᠡᠳᠭᠢᠬᠦᠶ ᠪᠠᠷ ︽ᠰᠦ ᠶᠢᠨ ᠬᠤᠲᠠ︾ ᠶᠢᠨ ᠠᠵᠢᠯ ᠢ ᠰᠠᠶᠢᠲᠤᠷ ᠬᠢᠵᠦ᠂

ᠰᠦ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠳᠡᠷᠡ᠂ ᠮᠧᠩ ᠨᠢᠤ ᠪᠣᠯ ᠲᠠᠯ᠎ᠠ ᠨᠤᠲᠤᠭ ᠲᠤ ᠥᠰᠴᠦ

ᠪᠣᠶᠢᠵᠢᠭᠰᠠᠨ ᠠᠵᠤ ᠠᠬᠤᠶᠢᠯᠠᠯ ᠮᠥᠨ᠂ ᠥᠪᠥᠷ ᠮᠣᠩᠭᠤᠯ ᠤᠨ ᠲᠠᠯ᠎ᠠ ᠨᠤᠲᠤᠭ ᠪᠣᠯ ᠮᠧᠩ ᠨᠢᠤ ᠶᠢᠨ ᠬᠠᠮᠤᠭ ᠤᠨ ᠰᠠᠶᠢᠨ ᠲᠦᠰᠢᠭ ᠮᠥᠨ᠃ ᠰᠦ ᠶᠢᠨ ᠢᠷᠡᠯᠲᠡ ᠶᠢ

ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠭᠠᠵᠤ᠂ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠥ᠂

ᠡᠮᠦᠨᠡᠬᠢ ᠬᠤᠭᠤᠴᠠᠭᠠᠨ ᠤ ᠨᠡᠭᠡᠭᠡᠯᠲᠡ ᠪᠠᠨ ᠴᠢᠩᠭᠠᠳᠬᠠᠵᠤ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ

ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠳᠠᠷᠢᠬᠤ᠂ ᠲᠡᠵᠢᠭᠡᠨ ᠦᠷᠡᠵᠢᠭᠦᠯᠬᠦ ᠠᠴᠠ

ᠪᠣᠯᠪᠠᠰᠤᠷᠠᠭᠤᠯᠬᠤ ᠬᠦᠷᠲᠡᠯᠡᠬᠢ ᠪᠥᠬᠦ ᠠᠵᠤ ᠦᠶᠯᠡᠰ ᠤᠨ ᠬᠡᠯᠬᠢᠶ᠎ᠡ ᠶᠢ ᠪᠦᠲᠦᠮᠵᠢᠲᠡᠶ ᠨᠡᠪᠲᠡᠷᠡᠭᠦᠯᠬᠦ ᠬᠡᠷᠡᠭᠳᠡᠢ᠃ ᠬᠤᠷᠢᠨᠭᠡᠷ ᠰᠢᠶᠠᠨ ᠠᠵᠤ ᠦᠢᠯᠡᠰ ᠪᠣᠯᠤᠨ

ᠬᠤᠳᠠ ᠶᠢᠨ ᠠᠭᠤᠰᠤᠯᠴᠠᠯ ᠢ ᠭᠦᠨᠵᠡᠭᠡᠢ ᠠᠬᠢᠭᠤᠯᠵᠤ᠂ ᠰᠢᠨ᠎ᠡ ᠣᠶᠢᠯᠠᠭᠠᠭᠳᠠᠬᠤᠨ ᠢᠶᠠᠷ ᠰᠢᠨ᠎ᠡ ᠣᠷᠴᠢᠨ ᠲᠣᠭᠤᠷᠢᠨ ᠢ ᠡᠭᠦᠳᠴᠦ᠂ ᠰᠢᠨ᠎ᠡ ᠬᠤᠲᠠ ᠪᠠᠯᠭᠠᠰᠤ ᠶᠢ

ᠪᠦᠳᠦᠭᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢ ᠠᠬᠢᠭᠤᠯᠵᠤ᠂

ᠠᠵᠤ ᠠᠬᠤᠶᠢᠯᠠᠯ ᠪᠣᠯᠤᠨ ᠬᠤᠳᠠ ᠪᠠᠯᠭᠠᠰᠤᠨ ᠤ ᠡᠶ᠎ᠡ ᠵᠣᠬᠢᠴᠠᠩᠭᠤᠢ ᠪᠠᠷ ᠬᠠᠮᠲᠤ ᠪᠠᠷ ᠠᠭᠤᠰᠤᠯᠴᠠᠬᠤ ᠶᠢ ᠪᠡᠶᠡᠯᠡᠭᠦᠯᠵᠦ᠂ ᠮᠧᠩ ᠨᠢᠤ ᠶᠢᠨ ᠦᠨᠦᠷ ᠠᠮᠲᠠ ᠶᠢ ᠠᠭᠠᠷ

ᠲᠦᠭᠦᠷᠡᠩ ᠰᠡᠩᠭᠢᠨᠠᠨ ᠠᠩᠭᠢᠯᠤᠭᠤᠯᠬᠤ ᠬᠡᠷᠡᠭᠲᠡᠢ ᠬᠡᠪᠡ᠃

5.jpg

      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠪᠠᠰᠠ ᠬᠥᠬᠡᠬᠤᠲᠠ ᠠᠴᠠ ᠱᠥᠸᠧ ᠵᠧᠤ ᠬᠥᠷᠬᠦ ᠲᠦᠷᠭᠡᠨ ᠤ ᠵᠠᠮ ᠤᠨ

ᠬᠥᠬᠡᠬᠤᠲᠠ ᠶᠢᠨ ᠡᠮᠦᠨ᠎ᠠ ᠰᠦᠶᠳᠭᠡᠯ ᠬᠤᠷᠢᠶᠠᠬᠤ ᠥᠷᠲᠡᠭᠡ ᠳᠤ ᠬᠦᠷᠴᠦ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠠᠯᠳᠠᠭᠤᠷ ᠰᠤᠷᠪᠤᠯᠵᠢᠯᠠᠨ ᠪᠠᠶᠢᠴᠠᠭᠠᠪᠠ᠂ ᠲᠡᠷᠡ᠂ ᠠᠵᠢᠯ ᠤᠨ ᠪᠠᠶᠢᠷᠢ ᠪᠠ ᠡᠮᠤᠨ᠎ᠡ

ᠹᠷᠤᠨᠲ ᠲᠤ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠶ᠃ ᠬᠤᠷᠢᠭ᠎ᠠ ᠭᠠᠷᠭᠠᠬᠤ ᠪᠠ ᠰᠢᠯᠭᠠᠨ

ᠪᠠᠶᠢᠴᠠᠭᠠᠬᠤ ᠶᠠᠪᠤᠴᠠ ᠶᠢ ᠰᠢᠯᠢᠳᠡᠭᠵᠢᠭᠦᠯᠵᠦ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ

ᠬᠤᠭᠤᠴᠠᠭᠠᠨ ᠤ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠥᠬᠡᠶ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠥᠬᠦ

ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ ᠬᠠᠮᠲᠤ

ᠪᠠᠶᠢᠴᠠᠭᠠᠨ ᠰᠤᠳᠤᠯᠤᠯᠲᠠ ᠬᠢᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ