ᠰᠢ ᠶᠢᠨ ᠫᠢᠩ ᠬᠠᠷᠢᠭᠤ ᠵᠠᠬᠢᠳᠠᠯ ᠢᠯᠡᠭᠡᠵᠦ ᠥᠷᠭᠡᠨ ᠤᠯᠠᠨ ᠰᠠᠨᠰᠠᠷ ᠤᠨ ᠠᠶᠠᠯᠠᠯ ᠤᠨ ᠵᠠᠯᠠᠭᠤᠴᠤᠳ ᠢ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠳᠡᠢ ᠭᠡᠵᠦ ᠵᠤᠷᠢᠭᠵᠢᠭᠤᠯᠪᠠ
ᠨᠡᠶᠢᠲᠡᠯᠡᠭᠰᠡᠨ ᠴᠠᠭ᠄
2022/5/5


      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 3 ᠤ ᠴᠠᠬᠢᠯᠭᠠᠨ ᠮᠡᠳᠡᠭᠡ  ︽5·4︾ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 2 ᠤᠨ ᠡᠳᠦᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠰᠠᠨᠰᠠᠷ ᠤᠨ ᠦᠷᠲᠡᠭᠡ ᠶᠢ ᠪᠦᠳᠦᠭᠡᠨ ᠪᠠᠶᠢᠭᠤᠯᠵᠤ ᠪᠠᠶᠢᠭ᠎ᠠ ᠵᠠᠯᠠᠭᠤᠴᠤᠳ ᠤᠨ ᠪᠦᠯᠬᠦᠮ ᠳᠤ ᠬᠠᠷᠢᠭᠤ ᠵᠠᠬᠢᠳᠠᠯ ᠢᠯᠡᠭᠡᠵᠦ᠂ ᠰᠠᠨᠰᠠᠷ ᠤᠨ ᠠᠶᠠᠯᠠᠯ ᠤᠨ ᠹᠷᠣᠨᠲ ᠤᠨ ᠪᠦᠬᠦ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠡᠳᠡᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠲᠠᠯᠪᠢᠪᠠ᠃
      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠤᠩᠰᠢᠭᠠᠳ ᠪᠢ 9 ᠵᠢᠯ ᠤᠨ ᠡᠮᠦᠨ᠎ᠡ ᠲᠠᠨ ᠤ ᠲᠡᠨᠳᠡ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠰᠣᠯᠢᠯᠴᠠᠭᠰᠠᠨ ᠪᠠᠶᠢᠳᠠᠯ ᠢ ᠰᠠᠨᠠᠵᠤ ᠤᠯᠪᠠ᠃ 9 ᠵᠢᠯ ᠤᠨ ᠲᠤᠷᠰᠢ ᠲᠩᠷᠢ ᠶᠢᠨ ᠣᠷᠳᠣᠨ᠂ ᠳᠣᠬᠢᠭᠤᠷ ᠲᠤᠯᠤᠭᠠᠨ ᠣᠲᠣ᠂ ᠴᠠᠩ ᠧ ᠠᠴᠠ ᠠᠪᠤᠭᠠᠳ ᠲᠢᠶᠠᠨ ᠾᠧ᠂ ᠲᠢᠶᠠᠨ ᠸᠧᠨ᠂ ᠰᠢ ᠾᠧ ᠬᠦᠷᠲᠡᠯ᠎ᠡ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠬᠢᠨ ᠲᠠᠰᠤᠷᠠᠯᠲᠠ ᠥᠬᠡᠶ ᠰᠢᠨ᠎ᠡ ᠲᠡᠦᠬᠡ ᠶᠢ ᠪᠦᠳᠦᠭᠡᠵᠤ᠂ ᠦᠯᠡᠮᠵᠢ ᠣᠯᠠᠨ ᠰᠠᠨᠰᠠᠷ ᠤᠨ ᠠᠶᠠᠯᠠᠯ ᠤᠨ ᠵᠠᠯᠠᠭᠤᠴᠤᠳ ᠨᠢᠷᠤᠭᠤ ᠲᠤᠯᠭᠠᠭᠤᠷᠢ ᠪᠣᠯᠵᠣ᠂ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠡᠷᠡᠮᠡᠬᠡᠶᠢᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠠᠢ ᠭᠡᠵᠤ ᠬᠡᠯᠡᠪᠡ᠃
      ᠰᠢ ᠶᠢᠨ ᠫᠢᠩ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠦᠶ᠎ᠡ ᠦᠶ᠎ᠡ ᠶᠢᠨ ᠬᠥᠮᠦᠰ ᠲᠤ ᠲᠦᠰᠢᠭᠯᠡᠨ ᠦᠷᠭᠦᠯᠵᠢᠯᠡᠨ ᠲᠡᠮᠡᠴᠡᠬᠦ ᠬᠡᠷᠡᠭᠲᠡᠢ᠃ ᠥᠷᠭᠡᠨ ᠤᠯᠠᠨ ᠰᠠᠨᠰᠠᠷ ᠤᠨ ᠠᠶᠠᠯᠠᠯ ᠤᠨ ᠵᠠᠯᠠᠭᠤᠴᠤᠳ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠬᠦᠰᠡᠯ ᠵᠡᠭᠦᠳᠦ ᠪᠠᠨ ᠬᠥᠭᠡᠭᠡᠴᠡᠯᠳᠦᠬᠦ ᠰᠠᠨᠰᠠᠷ ᠤᠨ ᠠᠶᠠᠨ ᠵᠠᠮ ᠳᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
      2013 ᠣᠨ ᠤ 5 ᠰᠠᠷ᠎ᠠ ᠶᠢᠨ 4 ᠤ ᠡᠳᠦᠷ᠂ ᠰᠢ ᠶᠢᠨ ᠫᠢᠩ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠺᠣᠮᠫᠠᠨᠢ ᠶᠢᠨ ᠳᠤᠮᠳᠠᠳᠤ ᠤᠯᠤᠰ ᠤᠨ ᠰᠠᠨᠰᠠᠷ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠳᠤ ᠬᠦᠷᠴᠦ᠂ ︽ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠳᠤ ᠵᠠᠯᠠᠭᠤᠴᠤᠳ ᠵᠣᠷᠢᠭᠲᠠᠢ ᠪᠠᠷ ᠡᠭᠦᠷᠭᠡᠯᠡᠬᠦ︾ ᠭᠤᠣᠯ ᠰᠡᠳᠦᠪᠲᠦ ᠡᠪᠯᠡᠯ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ᠂ ᠡᠯ᠎ᠡ ᠡᠲᠡᠭᠡᠳ ᠤᠨ ᠰᠢᠯᠢᠳᠡᠭ ᠵᠠᠯᠠᠭᠤᠴᠤᠳ ᠤᠨ ᠲᠥᠯᠥᠭᠡᠯᠡᠭᠴᠢᠳ ᠲᠠᠢ ᠶᠠᠷᠢᠯᠴᠠᠬᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢᠨ ᠲᠠᠰᠢᠷᠠᠮ ᠢᠶᠠᠷ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠰᠠᠨᠰᠠᠷ ᠤᠨ ᠦᠷᠳᠡᠭᠡ ᠶᠢ ᠪᠦᠳᠤᠭᠡᠨ ᠪᠠᠶᠢᠭᠤᠯᠵᠤ ᠪᠠᠶᠢᠭ᠎ᠠ ᠵᠠᠯᠠᠭᠤᠴᠤᠳ ᠤᠨ ᠪᠦᠯᠬᠦᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠰ ᠪᠦᠯᠦᠭᠯᠡᠯ ᠤᠨ 8 ᠲᠦᠮᠡᠨ ᠵᠠᠯᠠᠭᠤᠴᠤᠳ ᠢ ᠲᠥᠯᠥᠭᠡᠯᠡᠨ 9 ᠵᠢᠯ ᠤᠨ ᠲᠤᠷᠰᠢᠬᠢ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠭᠠᠷ ᠬᠤᠯᠪᠣᠨ ᠲᠡᠮᠡᠴᠡᠬᠦ ᠡᠷᠡᠰ ᠵᠣᠷᠢᠭ ᠢᠶᠠᠨ ᠢᠯᠡᠳᠭᠡᠵᠡᠭᠡᠭᠰᠡᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ