| 5 ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ | ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ 1 | ᠲᠣᠳᠣᠯᠠᠭᠰᠠᠨ ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠪᠣᠭᠤᠲᠤ ᠬᠤᠲᠠ ᠳᠤ 3᠂ ᠬᠦᠯᠦᠨ ᠪᠤᠶᠢᠷ ᠬᠤᠲᠠ ᠳᠤ 1 ᠪᠤᠢ᠃ | 5 ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 46 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 45᠂ ᠤᠯᠠᠭᠠᠨᠬᠠᠳᠠ ᠬᠤᠲᠠ ᠳᠤ 1 ᠪᠤᠢ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ | |