ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2022/5/6

      5 ᠰᠠᠷ᠎ᠠ ᠶᠢᠨ 5᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠳᠠ ᠵᠡᠷᠭᠡ ᠵᠦᠶᠯ ᠢ ᠰᠤᠳᠤᠯᠪᠠ᠃

      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ᠂ ᠪᠥᠬᠦ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠬᠢᠵᠢᠭ ᠤᠨ ᠪᠠᠶᠢᠳᠠᠯ ᠢ ᠡᠷᠡᠰ ᠬᠦᠴᠦᠲᠡᠶ ᠰᠡᠷᠭᠡᠶᠢᠯᠡᠨ ᠡᠵᠡᠮᠳᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠤᠨ ᠠᠵᠤ ᠠᠬᠤᠶ ᠶᠢ ᠲᠣᠭᠲᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠥ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠣᠶ ᠪᠣᠯᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠣᠶᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠳᠠᠪᠤᠷᠢᠲᠠᠨ ᠤ ᠬᠦᠴᠦᠳᠡᠢ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠰᠠᠨᠠᠭᠠᠴᠢᠯᠠᠭ᠎ᠠ ᠠᠴᠠ ᠪᠠᠨ ᠤᠷᠤᠬᠰᠢ ᠲᠡᠮᠡᠴᠡᠨ᠂ ᠬᠦᠴᠢᠷ ᠢ ᠰᠦᠷᠦᠨ ᠤᠷᠤᠭᠰᠢᠯᠠᠵᠤ᠂ ︽ᠲᠣᠭᠲᠠᠭᠤᠨ ᠡᠬᠢᠯᠡᠯᠳᠡ︾᠎ ᠶᠢ ︽ᠪᠥᠬᠦ ᠵᠢᠯ ᠢᠶᠠᠷ ᠢᠶᠠᠨ ᠲᠣᠭᠲᠠᠭᠤᠨ ᠪᠠᠶᠢᠬᠤ︾ ᠪᠤᠯᠭᠠᠨ ᠬᠤᠪᠢᠷᠠᠭᠤᠯᠵᠥ᠂ ︽ᠰᠠᠶᠢᠨ ᠡᠬᠢᠯᠡᠯᠲᠡ︾᠎ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠬᠡᠵᠥ ᠴᠢᠬᠤᠯᠠᠴᠢᠯᠠᠪᠠ᠃

      ᠬᠤᠷᠠᠯ ᠠᠴᠠ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠭᠠᠷᠳᠠᠴᠠ ᠮᠥᠨ᠂ ︽ᠬᠤᠶᠠᠷ ᠰᠠᠭᠤᠷᠢᠨ︾᠂ ︽ᠬᠤᠶᠠᠷ ᠬᠠᠯᠬᠠᠪᠴᠢ︾ ᠪᠣᠯᠤᠨ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠣᠨᠣᠪᠴᠢᠲᠠᠶ ᠴᠢᠭᠯᠡᠯ ᠲᠣᠭᠲᠠᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠦᠭᠵᠢᠬᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠬᠦ ᠶᠢ ᠪᠡᠶᠡᠯᠡᠭᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠪᠠᠶᠢᠭᠤᠯᠬᠤ ᠬᠡᠷᠡᠭᠲᠡᠶ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ