ᠰᠦᠨ ᠱᠣᠤ ᠴᠧᠩ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2022/5/6
      5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠶᠡᠷᠦᠩᠬᠡᠶ ᠱᠦᠵᠢ ᠶᠢᠨ 2014 ᠣᠨ ᠳᠤ ᠰᠢᠨᠵᠢᠯᠡᠨ ᠪᠠᠶᠢᠴᠠᠭᠠᠭᠰᠠᠨ ᠤᠯᠠ ᠮᠥᠷ ᠢ ᠳᠠᠭᠠᠵᠤ᠂ ᠬᠢᠩᠭᠠᠨ ᠠᠶᠢᠮᠠᠭ ᠤᠨ ᠷᠠᠰᠢᠶᠠᠨ ᠬᠤᠲᠠᠨ ᠳᠤ ᠭᠦᠨᠵᠡᠭᠡᠶᠢᠷᠡᠨ ᠪᠠᠶᠢᠴᠠᠭᠠᠨ ᠰᠣᠳᠤᠯᠪᠠ᠃ ᠰᠦᠨ ᠱᠤᠤ ᠴᠧᠩ ᠰᠢᠪᠡᠷᠡᠭᠡ ᠪᠣᠷᠣᠭᠠᠨ ᠤ ᠳᠤᠮᠳᠠᠭᠤᠷ ᠶᠡᠷᠦᠩᠬᠡᠢ ᠱᠦᠵᠢ ᠰᠢ ᠶᠢᠨ ᠫᠢᠩ ᠤᠨ ᠲᠣᠬᠤᠨᠢᠭᠤᠯᠤᠭᠰᠠᠨ ᠪᠠᠶᠢᠳᠠᠯ ᠢ ᠠᠮᠢᠯᠠᠭᠤᠯᠤᠭᠰᠠᠨ ᠬᠤᠩᠬᠢᠯ᠂ ᠰᠠᠨ ᠵᠢᠶᠤᠤ ᠱᠠᠨ ᠠᠭᠤᠯᠠ ᠶᠢᠨ ᠬᠠᠷᠠᠭᠤᠯ ᠤᠨ ᠭᠠᠵᠠᠷ᠂ ᠨᠢᠭᠡᠨ ᠬᠢᠯᠢ ᠶᠢᠨ ᠬᠠᠮᠠᠭᠠᠯᠠᠯᠲᠠ ᠶᠢᠨ ᠰᠣᠮᠣᠨ ᠤ ᠠᠩᠭᠢ᠂ ᠬᠢᠯᠢ ᠶᠢᠨ ᠪᠣᠭᠤᠮᠲᠠ ᠶᠢᠨ ᠤᠯᠤᠰ ᠤᠨ ᠡᠭᠦᠳᠡ᠂ ᠳᠤᠮᠳᠠᠳᠤ ᠮᠣᠩᠭᠤᠯ ᠤᠨ ᠬᠢᠯᠢ ᠶᠢᠨ ᠭᠤᠣᠯ ᠤᠨ ᠶᠡᠭᠡ ᠬᠥᠭᠦᠷᠭᠡ ᠳᠤ ᠬᠦᠷᠴᠦ᠂ ᠵᠢᠵᠢᠭᠦᠷᠯᠡᠵᠦ ᠰᠠᠬᠢᠨ ᠬᠠᠮᠠᠭᠠᠯᠠᠬᠤ᠂ ᠰᠤᠮᠤᠨ ᠤ ᠠᠩᠭᠢ ᠶᠢᠨ ᠪᠦᠳᠦᠬᠡᠨ ᠪᠠᠶᠢᠭᠤᠯᠤᠯᠲᠠ᠂ ᠬᠢᠯᠢ ᠶᠢᠨ ᠪᠣᠭᠤᠮᠲᠠ ᠶᠢᠨ ᠪᠦᠳᠦᠬᠡᠨ ᠪᠠᠶᠢᠭᠤᠯᠤᠯᠲᠠ ᠪᠠ ᠨᠦᠮᠦᠷᠭᠡᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠪᠠᠶᠢᠳᠠᠯ ᠤᠳ ᠢ ᠨᠠᠷᠢᠨ ᠣᠶᠢᠯᠠᠭᠠᠵᠠᠢ᠃
1.jpg
5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠶᠡᠷᠦᠩᠬᠡᠢ ᠱᠦᠵᠢ ᠰᠢ ᠶᠢᠨ ᠫᠢᠩ ᠤᠨ ᠲᠣᠬᠤᠨᠢᠭᠤᠯᠤᠭᠰᠠᠨ ᠪᠠᠶᠢᠳᠠᠯ ᠢ ᠠᠮᠢᠯᠠᠭᠤᠯᠤᠭᠰᠠᠨ ᠬᠤᠩᠬᠢᠯ ᠢ ᠲᠣᠭᠤᠷᠢᠨ ᠦᠵᠡᠯ᠎ᠡ᠃
2.jpg
5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠰᠠᠨ ᠵᠢᠶᠤᠤ ᠱᠠᠨ ᠠᠭᠤᠯᠠᠨ ᠤ ᠬᠠᠷᠠᠭᠤᠯ ᠤᠨ ᠭᠠᠵᠠᠷ ᠲᠤ ᠵᠢᠵᠢᠭᠦᠷᠯᠡᠵᠦ ᠪᠠᠶᠢᠭ᠎ᠠ ᠪᠠᠶᠢᠯᠳᠤᠭᠴᠢᠳ ᠤᠨ ᠶᠠᠷᠢᠬᠤ ︽ᠳᠤᠷᠠᠰᠤᠮᠵᠢ ᠶᠢᠨ ᠮᠣᠳᠤ︾ ᠶᠢᠨ ᠰᠡᠳᠬᠢᠯ ᠬᠦᠳᠡᠯᠭᠡᠮ᠎ᠡ ᠥᠯᠢᠭᠡᠷ ᠢ ᠰᠣᠨᠣᠰᠴᠤ ᠪᠠᠶᠢᠭ᠎ᠠ ᠨᠢ᠃
3.jpg
5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠨᠢᠭᠡᠨ ᠬᠢᠯᠢ ᠶᠢᠨ ᠬᠠᠮᠠᠭᠠᠯᠠᠯᠲᠠ ᠶᠢᠨ ᠰᠤᠮᠤᠨ ᠤ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
4.jpg
5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠳᠤᠮᠳᠠᠳᠤ ᠮᠣᠩᠭᠤᠯ ᠤᠨ ᠬᠢᠯᠢ ᠶᠢᠨ ᠭᠤᠤᠯ ᠪᠣᠯᠬᠤ ᠨᠦᠮᠦᠷᠭᠡᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ