5 ᠳ᠋ᠤᠭᠠᠷ ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ | ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ | ᠲᠤᠬᠠᠢ ᠶᠢᠨ ᠭᠠᠵᠠᠷ ᠤᠨ 4 ᠲᠣᠳᠣᠯᠠᠭᠰᠠᠨ ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 3᠂ | ᠤᠯᠠᠭᠠᠨᠬᠠᠳᠠ ᠬᠤᠲᠠ ᠳᠤ 1 ᠪᠣᠶ᠃ | 5 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 42 ︵ᠴᠥᠮ ᠬᠥᠯᠥᠨ ᠪᠤᠶᠢᠷ ᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ | ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠳᠤ︶ ᠪᠣᠢ᠃ ᠪᠥᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ | ᠪᠠᠶᠢᠨ᠎ᠠ᠃ |