ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2022/5/6

      5 ᠰᠠᠷ᠎ᠠ ᠶᠢᠨ 5 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠳᠠ ᠵᠡᠷᠭᠡ ᠵᠦᠶᠯ ᠢ ᠰᠤᠳᠤᠯᠪᠠ᠃

      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ᠂ ᠪᠥᠬᠦ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠬᠢᠵᠢᠭ ᠤᠨ ᠪᠠᠶᠢᠳᠠᠯ ᠢ ᠡᠷᠡᠰ ᠬᠦᠴᠦᠲᠡᠶ ᠰᠡᠷᠭᠡᠶᠢᠯᠡᠨ ᠡᠵᠡᠮᠳᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠤᠨ ᠠᠵᠤ ᠠᠬᠤᠶ ᠶᠢ ᠲᠣᠭᠲᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠥ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠣᠶ ᠪᠣᠯᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠣᠶᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠳᠠᠪᠤᠷᠢᠲᠠᠨ ᠤ ᠬᠦᠴᠦᠳᠡᠢ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠰᠠᠨᠠᠭᠠᠴᠢᠯᠠᠭ᠎ᠠ ᠠᠴᠠ ᠪᠠᠨ ᠤᠷᠤᠬᠰᠢ ᠲᠡᠮᠡᠴᠡᠨ᠂ ᠬᠦᠴᠢᠷ ᠢ ᠰᠦᠷᠦᠨ ᠤᠷᠤᠭᠰᠢᠯᠠᠵᠤ᠂ ︽ᠲᠣᠭᠲᠠᠭᠤᠨ ᠡᠬᠢᠯᠡᠯᠳᠡ︾ ᠶᠢ ︽ᠪᠥᠬᠦ ᠵᠢᠯ ᠢᠶᠠᠷ ᠢᠶᠠᠨ ᠲᠣᠭᠲᠠᠭᠤᠨ ᠪᠠᠶᠢᠬᠤ︾ ᠪᠤᠯᠭᠠᠨ ᠬᠤᠪᠢᠷᠠᠭᠤᠯᠵᠥ᠂ ︽ᠰᠠᠶᠢᠨ ᠡᠬᠢᠯᠡᠯᠲᠡ︾ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠬᠡᠵᠥ ᠴᠢᠬᠤᠯᠠᠴᠢᠯᠠᠪᠠ᠃

      ᠬᠤᠷᠠᠯ ᠠᠴᠠ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠭᠠᠷᠳᠠᠴᠠ ᠮᠥᠨ᠂ ︽ᠬᠤᠶᠠᠷ ᠰᠠᠭᠤᠷᠢᠨ︾᠂ ︽ᠬᠤᠶᠠᠷ ᠬᠠᠯᠬᠠᠪᠴᠢ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠣᠨᠣᠪᠴᠢᠲᠠᠶ ᠴᠢᠭᠯᠡᠯ ᠲᠣᠭᠲᠠᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠦᠭᠵᠢᠬᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠬᠦ ᠶᠢ ᠪᠡᠶᠡᠯᠡᠭᠦᠯᠬᠦ ᠯᠦᠭᠡ ᠨᠢᠭᠡᠳᠦᠯᠲᠡᠶ ᠲᠥᠯᠥᠪᠵᠢᠭᠦᠯᠵᠦ᠂ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠪᠠᠶᠢᠭᠤᠯᠬᠤ ᠬᠡᠷᠡᠭᠲᠡᠶ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ