ᠰᠦᠨ ᠱᠤᠤ ᠴᠧᠩ ᠬᠢᠩᠭᠠᠨ ᠠᠶᠢᠮᠠᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/7
      5 ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ ᠳᠤ ᠭᠦᠨᠵᠡᠭᠡᠶᠢᠷᠡᠵᠤ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ᠂ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
0507孙绍骋深入兴安盟调研.jpg
      2014 ᠣᠨ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠲᠤᠰᠬᠠᠶᠢᠯᠠᠨ ᠷᠠᠰᠢᠶᠠᠨ ᠳᠤ ᠬᠦᠷᠴᠦ ᠬᠢᠯᠢ ᠶᠢᠨ ᠬᠠᠮᠠᠭᠠᠯᠠᠯᠲᠠ ᠶᠢᠨ ᠱᠤᠭᠤᠮ ᠢᠶᠠᠷ ᠲᠣᠭᠤᠷᠢᠨ ᠴᠠᠭᠳᠠᠵᠤ ᠵᠢᠵᠢᠭᠦᠷᠯᠡᠵᠦ ᠪᠠᠶᠢᠭ᠎ᠠ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ᠃ ᠶᠡᠷᠦᠩᠬᠡᠢ ᠱᠦᠵᠢ ᠶᠢᠨ ᠲᠤᠬᠠᠢ  ᠶᠢᠨ ᠦᠶ᠎ᠡ ᠶᠢᠨ ᠲᠣᠬᠤᠨᠢᠭᠤᠯᠤᠭᠰᠠᠨ ᠪᠠᠶᠢᠳᠠᠯ ᠢ ᠲᠠᠬᠢᠨᠳᠠ ᠢᠯᠡᠷᠡᠭᠦᠯᠦᠭᠰᠡᠨ ᠤᠷᠳᠤ ᠬᠤᠩᠬᠢᠯ ᠳᠤ᠂ ᠰᠦᠨ ᠱᠤᠤ ᠴᠧᠩ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠵᠤ ᠰᠢᠷᠳᠡᠨ ᠬᠠᠷᠠᠨ᠎ᠠ᠃ ᠲᠡᠷᠡ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠷᠭᠡᠨ ᠣᠯᠠᠨ ᠴᠡᠷᠢᠭ ᠠᠷᠠᠳ ᠤᠨ ᠪᠦᠯᠬᠦᠮᠳᠡᠨ ᠲᠡᠮᠡᠴᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠲᠤ ᠪᠠᠷ ᠪᠥᠲᠥᠭᠡᠨ ᠪᠠᠶᠢᠭᠤᠯᠬᠤ ᠶᠢ ᠵᠤᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠰᠦᠨ ᠱᠤᠤ ᠴᠧᠩ ᠮᠠᠨᠠᠭᠤᠯ ᠤᠨ ᠠᠭᠤᠯᠠ ᠬᠠᠷᠠᠭᠤᠯ ᠤᠨ ᠭᠠᠵᠠᠷ ᠲᠤ ᠬᠦᠷᠴᠦ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ︽ᠮᠥᠷᠥᠭᠡᠳᠦᠯ ᠤᠨ ᠮᠣᠳᠣ︾ ᠶᠢᠨ ᠬᠠᠵᠠᠭᠤ ᠳᠤ ᠬᠢᠯᠢ ᠬᠢᠵᠠᠭᠠᠷ ᠢ ᠰᠠᠬᠢᠭᠰᠠᠨ ᠦᠷᠡᠭᠳᠡᠭᠰᠡᠨ ᠪᠠᠭᠠᠲᠤᠷᠴᠤᠳ ᠤᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠰᠣᠨᠣᠰᠴᠠᠢ᠃ ᠲᠡᠷᠡ ᠳᠠᠷᠤᠭ᠎ᠠ ᠪᠠᠶᠢᠯᠳᠤᠭᠴᠢᠳ ᠤᠨ ᠪᠠᠶᠢᠷᠢ᠂ ᠬᠠᠷᠠᠭᠤᠯ ᠤᠨ ᠭᠠᠵᠠᠷ ᠤᠨ ᠲᠣᠭᠤᠭᠠᠨ ᠭᠡᠷ ᠲᠤ ᠬᠦᠷᠴᠦ᠂ ︽ᠶᠠᠭᠤ ᠪᠠᠷ ᠳᠤᠯᠠᠭᠠᠯᠠᠵᠤ ᠪᠠᠶᠢᠬᠤ᠂ ᠦᠳᠡ ᠶᠢᠨ ᠬᠤᠭᠤᠯᠠ ᠳᠤ ᠶᠠᠭᠤ ᠢᠳᠡᠬᠦ᠂ ᠬᠡᠳᠦᠨ ᠬᠠᠭᠤᠷᠤᠯᠭ᠎ᠠ ᠨᠤᠭᠤᠭ᠎ᠠ ᠲᠠᠢ ᠪᠤᠢ︾ ᠭᠡᠵᠦ ᠨᠠᠷᠢᠨ ᠠᠰᠠᠭᠤᠪᠠ᠃ ᠰᠦᠨ ᠱᠤᠤ ᠴᠧᠩ ᠰᠤᠮᠤᠨ ᠠᠩᠭᠢ ᠶᠢᠨ ᠰᠠᠭᠤᠭ᠎ᠠ ᠭᠠᠵᠠᠷ ᠲᠤ ᠬᠦᠷᠴᠦ᠂ ᠰᠤᠮᠤᠨ ᠠᠩᠭᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠬᠡᠷᠡᠮ ᠳᠦᠭᠦᠷᠡᠩ ᠡᠯᠬᠦᠭᠡᠰᠦᠳᠠᠢ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠢ ᠬᠠᠷᠠᠭᠠᠳ ᠲᠡᠷᠡ᠂ ᠢᠷᠠᠭᠤ ᠠᠯᠳᠠᠷ ᠨᠢᠭᠡᠪᠦᠷᠢ ᠶᠢᠨ ᠠᠷᠤ ᠳᠤ ᠴᠥᠮ ᠬᠢᠯᠢ ᠬᠢᠵᠠᠭᠠᠷ ᠢ ᠰᠠᠬᠢᠨ ᠡᠬᠡ ᠤᠯᠤᠰ ᠤᠨ ᠢᠶᠠᠨ ᠲᠥᠯᠥᠭᠡ ᠵᠢᠳᠬᠦᠭᠰᠡᠨ ᠰᠡᠳᠭᠢᠯ ᠬᠥᠳᠡᠯᠭᠡᠮ᠎ᠡ ᠦᠯᠢᠭᠡᠷ ᠪᠤᠢ᠂ ᠤᠯᠠᠨ ᠢᠶᠠᠷ ᠢᠶᠠᠨ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠢᠯᠢ ᠬᠢᠵᠠᠭᠠᠷ ᠤᠨ ᠠᠮᠤᠷ ᠲᠦᠪᠰᠢᠨ ᠪᠣᠯᠤᠨ ᠠᠷᠠᠳ ᠲᠦᠮᠡᠨ ᠤ ᠠᠮᠤᠷ ᠲᠣᠭᠲᠠᠭᠤᠨ ᠢ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠠᠶᠢᠯᠳᠤᠭᠴᠢᠳ ᠢ ᠰᠡᠳᠭᠢᠯ ᠠᠮᠤᠷ ᠢᠶᠠᠷ ᠬᠢᠯᠢ ᠬᠢᠵᠠᠭᠠᠷ ᠢ ᠬᠠᠮᠠᠭᠠᠯᠠᠬᠤ ᠪᠣᠯᠭᠠᠬᠤ ᠬᠡᠷᠡᠭᠲᠡᠢ ᠭᠡᠵᠦ ᠬᠡᠯᠡᠪᠡ᠃
0507孙绍骋深入兴安盟调研2.jpg
      ᠰᠦᠨ ᠱᠤᠤ ᠴᠧᠩ ᠲᠡᠷᠢᠬᠦᠨ ᠴᠠᠭᠠᠨ ᠢᠳᠡᠭᠡᠨ ᠤ ᠲᠤᠰᠬᠠᠶ ᠬᠤᠷᠰᠢᠶ᠎ᠠ ᠶᠢᠨ ᠦᠶᠯᠡᠳᠪᠦᠷᠢ ᠶᠢᠨ ᠲᠠᠰᠤᠭ ᠲᠤ ᠬᠦᠷᠴᠦ᠂ ᠦᠶᠯᠡᠳᠬᠦ ᠤᠷ᠎ᠠ ᠮᠡᠷᠭᠡᠵᠢᠯ᠂ ᠦᠶᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠤᠷᠰᠢᠶ᠎ᠠ ᠶᠢ ᠬᠡᠪᠴᠢᠶ᠎ᠡ ᠪᠠᠨ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠢᠶᠠᠨ ᠥᠷᠭᠡᠳᠭᠡᠵᠦ᠂ ᠨᠡᠩ ᠤᠯᠠᠨ ᠬᠦᠮᠦᠰ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠵᠣᠷᠢᠭᠵᠢᠭᠤᠯᠪᠠ᠃ ᠮᠣᠩᠭᠤᠯ ᠭᠡᠷ ᠲᠤ᠂ ᠰᠦᠨ ᠱᠤᠤ ᠴᠧᠩ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠬᠠᠮᠲᠤ ᠰᠠᠭᠤᠯᠴᠠᠨ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠦᠨᠡᠨ ᠬᠦ ᠪᠠᠳᠠᠷᠠᠭᠤᠯᠵᠤ᠂ ᠠᠵᠤ ᠦᠶᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃ ᠲᠡᠷᠡ᠂ ᠬᠥᠳᠡᠭᠡ ᠲᠣᠰᠬᠤᠨ ᠪᠣᠯᠤᠨ ᠮᠠᠯᠵᠢᠬᠤ ᠣᠷᠣᠨ ᠤ ᠠᠵᠢᠯ ᠢ ᠬᠢᠬᠦ ᠳᠤ ᠵᠠᠪᠠᠯ ᠪᠣᠳᠠᠲᠠᠢ ᠶᠢ ᠡᠷᠬᠢᠮᠯᠡᠵᠦ᠂ ᠪᠣᠳᠠᠲᠤ ᠶᠠᠪᠤᠳᠠᠯ ᠢ ᠪᠣᠳᠠᠲᠠᠢ ᠰᠠᠶᠢᠲᠤᠷ ᠬᠢᠬᠦ ᠭᠡᠷᠡᠭᠳᠠᠢ ᠭᠡᠵᠤ ᠵᠢᠭᠠᠵᠤ ᠭᠠᠷᠭᠠᠪᠠ᠃       ᠪᠠᠶᠢᠴᠠᠭᠠᠨ ᠰᠤᠳᠤᠯᠤᠯᠲᠠ ᠳᠤᠮᠳᠠ᠂ ᠰᠦᠨ ᠱᠤᠤ ᠴᠧᠩ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ︽ᠪᠣᠳᠠᠲᠠᠢ︾ ᠪᠠᠶᠢᠬᠤ ᠶᠢ ᠲᠤᠪᠤᠶᠢᠯᠭᠠᠵᠤ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠦᠷ᠎ᠡ ᠪᠦᠳᠦᠮᠵᠢ ᠭᠠᠷᠭᠠᠵᠤ᠂ ᠬᠡᠯᠡᠪᠡᠯ ᠬᠢᠵᠦ᠂ ᠳᠠᠷᠤᠶᠢᠬᠠᠨ ᠰᠢᠢᠳᠪᠤᠷᠢᠯᠡᠵᠤ᠂ ᠡᠯ᠎ᠡ ᠵᠦᠢᠯ ᠤᠨ ᠠᠵᠢᠯ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠰᠦᠨ ᠱᠤᠤ ᠴᠧᠩ ︽5·1︾ ᠤ ᠬᠤᠷᠠᠯ ᠤᠨ ᠪᠠᠭᠤᠷᠢ᠂ ᠤᠯᠠᠭᠠᠨᠬᠦᠦ ᠶᠢᠨ ᠠᠯᠪᠠᠯᠠᠵᠤ ᠪᠠᠶᠢᠬᠰᠠᠨ ᠭᠠᠵᠠᠷ ᠤᠨ ᠬᠠᠭᠤᠴᠢᠨ ᠪᠠᠭᠤᠷᠢ ᠪᠣᠯᠤᠨ ᠥᠪᠥᠷ ᠮᠣᠩᠭᠤᠯ ᠤᠨ ᠨᠠᠮ ᠤᠨ ᠬᠤᠷᠢᠶᠠᠨ ᠤ ᠠᠯᠪᠠᠯᠠᠬᠤ ᠭᠠᠵᠠᠷ ᠤᠨ ᠬᠠᠭᠤᠴᠢᠨ ᠪᠠᠭᠤᠷᠢ ᠶᠢ ᠲᠣᠭᠤᠷᠢᠨ ᠦᠵᠡᠵᠦ᠂ ᠲᠠᠶᠢᠯᠪᠤᠷᠢᠯᠠᠯᠲᠠ ᠶᠢ ᠰᠣᠨᠣᠰᠴᠤ᠂ ᠦᠵᠡᠭᠦᠯᠭᠡ ᠶᠢ ᠰᠤᠨᠢᠷᠬᠠᠪᠠ᠃ ᠲᠡᠷᠡ᠂ ᠡᠳᠡᠭᠡᠷ ᠲᠡᠦᠬᠡᠨ ᠮᠠᠲ᠋ᠧᠷᠢᠶᠠᠯ ᠠᠴᠠ ᠦᠵᠡᠪᠡᠯ᠂ ᠲᠤᠬᠠᠢ ᠶᠢᠨ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢ ᠰᠢᠭᠤᠳ ᠵᠢᠯᠣᠭᠤᠳᠴᠤ ᠪᠠᠶᠢᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠪᠠᠶᠢᠭᠰᠠᠨ ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠵᠤ ᠴᠢᠳᠠᠬᠤ ᠦᠭᠡᠢ᠂ ᠬᠤᠶᠢᠰᠢᠳᠠ ᠶᠢᠨ ᠬᠥᠭᠵᠢᠯᠲᠡ ᠪᠣᠯᠤᠨ ᠥᠨᠥᠳᠦᠷ ᠤᠨ ᠠᠮᠵᠢᠯᠲᠠ ᠴᠤ ᠪᠠᠶᠢᠵᠤ ᠴᠢᠳᠠᠬᠤ ᠦᠭᠡᠢ ᠶᠤᠮ᠂ ᠡᠶᠢᠮᠦ ᠠᠴᠠ ᠮᠠᠨ ᠤ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠡᠭᠦᠷᠢᠳᠡ ᠨᠢᠭᠡ ᠰᠡᠳᠭᠢᠯ ᠨᠢᠭᠡ ᠵᠣᠷᠢᠭ ᠢᠶᠠᠷ ᠨᠠᠮ ᠢᠶᠠᠨ ᠳᠠᠭᠠᠬᠤ ᠬᠡᠷᠡᠭᠲᠡᠢ ᠭᠡᠵᠤ ᠬᠡᠯᠡᠪᠡ᠃       ᠰᠦᠨ ᠱᠤᠤ ᠴᠧᠩ ᠪᠠᠰᠠ ᠷᠠᠰᠢᠶᠠᠨ ᠬᠢᠯᠢ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠣᠯᠤᠨ ᠨᠥᠮᠥᠷᠭᠡ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠪᠠᠶᠢᠴᠠᠭᠠᠨ ᠰᠤᠳᠤᠯᠬᠤ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ