ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 336 ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ ᠭᠠᠷᠭᠠᠪᠠ
ᠨᠡᠶᠢᠲᠡᠯᠡᠭᠰᠡᠨ ᠴᠠᠭ᠄
2022/5/7
      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ‌‍ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠵᠢᠭᠤᠯᠴᠢᠯᠠᠯ ᠤᠨ ᠦᠢᠯᠡᠰ᠂ ᠠᠷᠠᠯᠵᠢᠶ᠎ᠠ ᠬᠤᠳᠠᠯᠳᠤᠭ᠎ᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠦᠢᠯᠡᠴᠢᠯᠡᠭᠡ᠂ ᠭᠡᠷ ᠪᠦᠯᠢ ᠶᠢᠨ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ ᠵᠡᠷᠭᠡ ᠬᠦᠷᠢᠶ᠎ᠡ ᠶᠢ ᠬᠠᠮᠤᠷᠤᠭᠰᠠᠨ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠡᠶᠢᠲᠡᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 336 ᠪᠠᠶᠢᠵᠤ᠂ ᠨᠡᠶᠢᠲᠡ 2728.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 342.6 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠠᠴᠠ ᠭᠠᠳᠠᠨ᠎ᠠ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠢ ᠠᠬᠢᠭᠤᠯᠬᠤ ᠶᠡᠭᠡ ᠬᠤᠷᠠᠯ ᠤᠨ ᠭᠤᠣᠯ ᠬᠤᠷᠠᠯ ᠤᠨ ᠲᠠᠯᠠᠪᠠᠶ ᠪᠣᠯᠣᠨ ᠡᠯ᠎ᠡ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ 157 ᠲᠥᠷᠥᠯ ᠵᠦᠢᠯ ᠤᠨ ᠭᠡᠷ᠎ᠡ ᠲᠣᠭᠲᠠᠬᠤ ᠶᠢ ᠵᠣᠬᠢᠶᠠᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1079.2 ᠳ᠋ᠦᠩᠰᠢᠭᠤᠷ ᠲᠥᠭᠦᠷᠢᠭ ᠲᠤ ᠬᠥᠷᠪᠡ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠰᠦᠪᠡᠭᠴᠢᠯᠡᠬᠦ︾ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠠᠷ᠎ᠠ ᠪᠠᠷ ᠲᠣᠬᠢᠷᠠᠭᠤᠯᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠭᠠᠵᠠᠷ ᠲᠤ ᠨᠢᠭᠡ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠪᠣᠳᠣᠯᠭ᠎ᠠ︾ ᠠᠪᠴᠤ᠂ ᠭᠠᠵᠠᠷ ᠰᠢᠷᠣᠢ᠂ ᠮᠥᠩᠭᠦᠨ ᠭᠦᠢᠯᠭᠡᠭᠡ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ