ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/5/7
      5 ᠰᠠᠷ᠎ᠠ ᠶᠢᠨ 6 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ 3 ᠲᠣᠳᠣᠯᠠᠭᠰᠠᠨ ᠡᠪᠡᠳᠴᠢᠨ ᠤ ᠵᠢᠱᠢᠶ᠎ᠡ ︵ᠴᠥᠮ ᠬᠦᠯᠦᠨ ᠪᠤᠶᠢᠷ ᠬᠤᠲᠠ ᠳᠤ︶ ᠢᠯᠡᠷᠢᠰᠢᠵᠦ ᠡᠮᠨᠡᠯᠭᠡ ᠠᠴᠠ ᠭᠠᠷᠪᠠ᠃      5 ᠰᠠᠷ᠎ᠠ ᠶᠢᠨ  6 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 39 ︵ᠴᠥᠮ ᠬᠦᠯᠦᠨ ᠪᠤᠶᠢᠷ ᠬᠤᠲᠠ ᠳᠤ︶ ᠪᠠᠶᠢᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ