ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/9
      5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠪᠣᠯᠤᠨ 5 ᠰᠠᠷ᠎ᠠ ᠶᠢᠨ 5 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠵᠤ ᠴᠢᠳᠠᠬᠤ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠪᠢᠲᠡᠭᠦᠮᠵᠢᠯᠡᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠲᠥᠪ ᠤᠨ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠠᠴᠠ ᠮᠤᠯᠳᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠠᠷᠭ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠠᠵᠢᠯ ᠣᠯᠭᠤᠯᠲᠠ ᠶᠢ ᠢᠳᠡᠪᠬᠢᠲᠡᠢ ᠪᠠᠷ ᠲᠣᠭᠲᠠᠪᠤᠷᠢᠵᠢᠭᠤᠯᠤᠨ ᠥᠷᠭᠡᠳᠭᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠰᠦᠪᠡᠨ ᠪᠠᠷᠢᠬᠰᠠᠨ ᠬᠡᠷ ᠪᠠᠶᠢᠰᠢᠩ ᠨᠤᠷᠠᠭᠰᠠᠨ ᠠᠳᠡᠯ ᠤᠨ ᠲᠤᠬᠠᠶ ᠴᠢᠬᠤᠯᠠ ᠵᠢᠭᠠᠪᠤᠷᠢ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠢ ᠰᠤᠷᠭᠠᠮᠵᠢ ᠠᠪᠴᠤ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠲᠦᠷᠭᠡᠪᠴᠢᠯᠡᠨ ᠪᠦᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠬᠤ ᠳᠠᠭᠠᠨ ᠪᠣᠳᠠᠲᠠᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠳᠠᠭᠠᠨ ᠪᠣᠳᠠᠲᠠᠢ ᠪᠠᠶᠢᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠪᠣᠳᠠᠲᠠᠶ ᠠᠳᠬᠤᠨ᠂ ᠨᠢᠭᠡ ᠠᠴᠠ ᠨᠥᠭᠦᠭᠡ ᠶᠢ ᠵᠦᠶᠴᠢᠯᠡᠨ ᠭᠤᠤᠯᠳᠠᠯᠭ᠎ᠠ ᠲᠠᠢ ᠬᠦᠷᠢᠶᠡᠨ ᠤ ᠠᠶᠤᠯᠭᠦᠢ ᠦᠶᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃       ᠬᠤᠷᠠᠯ ᠠᠴᠠ ᠲᠥᠪ ᠤᠨ ᠬᠤᠯᠪᠤᠭᠳᠠᠯ ᠪᠥᠬᠦᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠴᠢᠭᠯᠡᠬᠦᠯᠦᠯᠳᠤ ᠴᠢᠨᠠᠷ ᠢᠶᠠᠷ ᠴᠢᠩᠭ᠎ᠠ ᠠᠷᠭ᠎ᠠ ᠪᠠᠷ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠬᠦ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠰᠢᠯᠵᠢᠭᠦᠯᠬᠦ ᠶᠢ ᠲᠦᠷᠭᠡᠳᠭᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠤᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ