ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ | ᠲᠦᠪᠰᠢᠨ ᠪᠠᠶᠢᠯᠭᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠪᠣᠭᠤᠮᠲᠠ ᠳᠤ | ᠬᠦᠷᠴᠦ ᠱᠠᠯᠠᠪᠳᠠᠭᠤᠯᠤᠨ ᠵᠢᠯᠣᠭᠤᠳᠴᠤ᠂ ︽ᠬᠢᠵᠢᠭ ᠤᠨ ᠪᠠᠶᠢᠳᠠᠯ ᠢ ᠠᠷᠢᠯᠭᠠᠵᠤ᠂ ᠨᠡᠭᠡᠭᠡᠯᠲᠡ ᠬᠢᠬᠦ ᠶᠢ ᠰᠡᠷᠭᠦᠭᠡᠵᠦ︾᠂ ᠰᠡᠷᠭᠡᠶᠢᠯᠡᠯᠲᠡ ᠡᠵᠡᠮᠳᠡᠯ ᠢ ᠰᠠᠶᠢᠳᠤᠷ | ᠬᠢᠭᠰᠡᠨ ᠤᠷᠢᠲᠠᠯ ᠳᠣᠣᠷ᠎ᠠ ᠪᠣᠭᠤᠮᠲᠠ ᠶᠢᠨ ᠬᠡᠪ ᠤᠨ ᠪᠠᠶᠢᠳᠠᠯ ᠢᠶᠠᠷ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | ᠸᠠᠩ ᠯᠢ ᠰᠢᠶᠠ ᠡᠷᠢᠶᠡᠨ ᠬᠤᠳᠠ ᠶᠢᠨ ᠳᠡᠮᠤᠷ ᠵᠠᠮ ᠤᠨ ᠪᠣᠭᠤᠮᠲᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠪᠣᠭᠤᠮᠲᠠ ᠪᠠᠷ ᠥᠩᠭᠡᠷᠡᠬᠦ ᠪᠠᠶᠢᠳᠠᠯ ᠢ ᠨᠠᠷᠢᠨ ᠣᠶᠢᠯᠠᠭᠠᠵᠤ᠂ ᠸᠢᠳᠢᠣ᠋ ᠬᠢᠨᠠᠨ ᠡᠵᠡᠮᠳᠡᠯᠳᠡ ᠪᠠᠷ ᠲᠠᠮᠵᠢᠨ ᠵᠢᠰᠢᠶᠠᠨ ᠤ | ᠭᠠᠯᠲᠤ ᠲᠡᠷᠭᠡᠨ ᠤ ᠠᠶᠠᠯᠠᠯ᠂ ᠭᠠᠯᠲᠤ ᠲᠡᠷᠭᠡᠨ ᠤ ᠠᠷᠢᠭᠤᠳᠬᠠᠯ ᠵᠡᠷᠭᠡ ᠨᠠᠷᠢᠨ ᠵᠦᠢᠯᠡᠰ ᠢ ᠪᠠᠶᠢᠴᠠᠭᠠᠨ ᠦᠵᠡᠭᠰᠡᠨ ᠪᠥᠭᠡᠳ ᠸᠢᠳᠢᠣ᠋ ᠬᠡᠯᠪᠡᠷᠢ ᠪᠠᠷ ᠡᠳ᠋ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠲᠤᠬᠠᠢ ᠶᠢᠨ ᠴᠠᠭ ᠤᠨ ᠪᠠᠶᠢᠳᠠᠯ ᠢ | ᠰᠤᠭᠤᠴᠢᠨ ᠪᠠᠶᠢᠴᠠᠭᠠᠪᠠ᠃ ᠸᠠᠩ ᠯᠢ ᠰᠢᠶᠠ᠂ ᠡᠷᠬᠡᠪᠰᠢ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠢᠭᠡ ᠲᠠᠯ᠎ᠠ ᠪᠠᠷ ᠨᠡᠬᠡᠬᠡᠯᠳᠡ ᠬᠢᠬᠦ ᠶᠢ ᠠᠳᠬᠤᠵᠤ᠂ | ᠪᠣᠭᠤᠮᠲᠠ ᠶᠢᠨ ᠬᠠᠮᠢᠶᠠᠷᠤᠯᠲᠠ ᠡᠵᠡᠮᠳᠡᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠪᠢᠲᠡᠭᠦᠮᠵᠢᠯᠡᠬᠦ᠂ ᠬᠠᠮᠢᠶᠠᠷᠬᠤ᠂ ᠠᠩᠬᠠᠷᠬᠤ᠂ ᠳᠡᠭᠡᠭᠰᠢᠯᠡᠭᠦᠯᠬᠦ᠂ ᠰᠡᠷᠭᠡᠶᠢᠯᠡᠬᠦ᠂ | ᠬᠦᠴᠦᠷᠬᠡᠭᠵᠢᠭᠦᠯᠬᠦ᠂ ᠨᠢᠭᠡᠳᠦᠯᠲᠡᠢ ᠪᠠᠶᠢᠯᠭᠠᠬᠤ ᠱᠠᠭᠠᠷᠳᠠᠯᠭ᠎ᠠ ᠶᠤᠰᠤᠭᠠᠷ᠂ ᠪᠢᠲᠡᠭᠦᠮᠵᠢᠯᠡᠨ ᠬᠠᠮᠢᠶᠠᠷᠴᠤ᠂ ᠰᠡᠷᠭᠡᠶᠢᠯᠡᠯᠲᠡ ᠶᠢᠨ ᠱᠤᠭᠤᠮ ᠢ ᠰᠠᠬᠢᠵᠤ᠂ ᠪᠣᠭᠤᠮᠲᠠ ᠪᠠᠷ | ᠥᠩᠭᠡᠷᠡᠭᠦᠯᠬᠦ ᠴᠢᠳᠠᠪᠤᠷᠢ ᠪᠣᠯᠤᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | | | | | ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ᠂ ᠸᠠᠩ ᠯᠢ ᠰᠢᠶᠠ ᠲᠤᠬᠠᠶ ᠶᠢᠨ ᠲᠠᠯᠠᠪᠠᠶ ᠳᠤ ᠠᠵᠢᠯᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠪᠣᠭᠤᠮᠲᠠ ᠪᠠᠷ ᠥᠩᠭᠡᠷᠡᠭᠦᠯᠬᠦ ᠠᠵᠢᠯ ᠢ ᠰᠤᠳᠤᠯᠤᠨ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ | ᠤᠷᠢᠲᠠᠯ ᠳᠤᠤᠷ᠎ᠠ᠂ ᠪᠣᠭᠤᠮᠲᠠ ᠶᠢᠨ ᠬᠡᠪ ᠤᠨ ᠪᠠᠶᠢᠳᠠᠯ ᠢᠶᠠᠷ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | | | | | | | | | | | ᠸᠠᠩ ᠯᠢ ᠰᠢᠶᠠ ᠪᠠᠰᠠ ᠬᠥᠬᠡᠬᠤᠲᠠ ᠶᠢᠨ ᠲᠤᠰᠠᠯᠠᠭᠰᠠᠨ ᠴᠢᠩᠭᠡᠯᠢᠭ ᠲᠤᠷᠰᠢᠯᠲᠠ ᠶᠢᠨ ᠲᠠᠰᠤᠭ᠂ ᠭᠡᠨᠳᠡᠢ ᠵᠡᠭᠡᠯᠢ ᠶᠢᠨ ᠬᠤᠶᠢᠲᠤ ᠵᠢᠷᠭᠤᠭᠠᠨ ᠵᠡᠭᠡᠯᠢ ᠵᠢᠴᠢ | ᠴᠠᠬᠠᠷ ᠵᠡᠭᠡᠯᠢ ᠶᠢᠨ ᠡᠮᠦᠨ᠎ᠡ ᠲᠠᠪᠤᠨ ᠵᠡᠭᠡᠯᠢ ᠶᠢᠨ ᠭᠡᠷ ᠪᠠᠶᠢᠰᠢᠩ ᠤᠨ ᠳᠤᠭᠤᠷᠢᠭ ᠢᠶᠠᠷ ᠬᠦᠷᠴᠦ ᠪᠠᠶᠢᠴᠠᠭᠠᠨ ᠰᠤᠳᠤᠯᠪᠠ᠃ |