6 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠡᠷᠢᠶᠡᠨ ᠬᠤᠳᠠ ᠶᠢᠨ ᠮᠠᠯᠵᠢᠬᠤ ᠲᠠᠷᠢᠶᠠᠯᠠᠬᠤ ᠣᠷᠣᠨ᠂ ᠪᠠᠷᠢᠯᠭ᠎ᠠ ᠶᠢᠨ ᠭᠠᠵᠠᠷ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠪᠠᠷ | ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠪᠠᠶᠢᠴᠠᠭᠠᠪᠠ᠃ | | | | | ᠰᠠᠶᠢᠬᠤᠰᠤ ᠭᠠᠴᠠᠭ᠎ᠠ ᠪᠣᠯᠤᠨ ᠡᠷᠳᠡᠨᠢᠭᠤᠪᠢ ᠭᠠᠴᠠᠭ᠎ᠠ ᠳᠤ ᠴᠥᠮ ᠣᠨᠣᠰᠢᠯᠠᠭᠰᠠᠨ ᠡᠪᠡᠳᠴᠢᠨ ᠤ ᠵᠢᠱᠢᠶ᠎ᠡ ᠭᠠᠷᠴᠤ ᠥᠩᠭᠡᠷᠡᠵᠡᠶ᠂ ᠸᠠᠩ ᠯᠢ ᠰᠢᠶᠠ | ᠭᠠᠴᠠᠭᠠᠨ ᠳᠤ ᠬᠦᠷᠴᠤ ᠲᠤᠬᠠᠶ ᠶᠢᠨ ᠭᠠᠵᠠᠷ ᠲᠤ ᠪᠠᠶᠢᠴᠠᠭᠠᠯᠳᠠ ᠬᠢᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠪᠠᠶᠢᠴᠠᠭᠠᠨ ᠦᠵᠡᠪᠡ᠃ ᠣᠷᠴᠢᠨ ᠲᠣᠭᠤᠷᠢᠨ ᠢ ᠠᠷᠢᠭᠤᠳᠬᠠᠭᠰᠠᠨ ᠡᠰᠡᠬᠦ᠂ ᠪᠥᠭᠡᠮ ᠬᠦᠴᠢᠯ ᠤᠨ ᠪᠠᠶᠢᠴᠠᠭᠠᠯᠳᠠ ᠶᠢ ᠶᠠᠭᠠᠬᠢᠵᠤ ᠬᠢᠵᠤ ᠪᠠᠶᠢᠬᠤ᠂ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠢᠷᠢ ᠵᠡᠷᠭᠡ ᠨᠠᠶᠢᠳᠠᠪᠤᠷᠢᠵᠢᠭᠤᠯᠵᠤ ᠪᠠᠶᠢᠭ᠎ᠠ ᠶᠢ ᠲᠡᠷᠡ ᠴᠦᠮ ᠨᠠᠷᠢᠨ ᠣᠶᠢᠯᠠᠭᠠᠪᠠ᠃ ᠬᠦᠷᠦᠯᠴᠡᠬᠦ ᠦᠭᠡᠢ ᠲᠠᠯ᠎ᠠ ᠶᠢ ᠨᠢ | ᠣᠯᠵᠤ ᠮᠡᠳᠡᠭᠡᠳ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠴᠤ᠂ ᠬᠥᠮᠦᠰ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠨᠡᠶᠢᠳᠭᠡᠵᠦ᠂ | ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠬᠤᠪᠢᠶᠠᠷᠢᠯᠠᠨ ᠪᠠᠶᠢᠷᠢᠯᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠠᠵᠢᠯᠲᠠᠨ ᠢ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠬᠠᠮᠢᠶᠠᠷᠤᠯᠲᠠ ᠪᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠦᠶᠯᠡᠳᠪᠦᠷᠢᠯᠡᠯ ᠢᠶᠠᠨ ᠰᠠᠭᠠᠲᠠᠭᠠᠬᠤ ᠥᠬᠡᠶ ᠪᠠᠶᠢᠬᠤ | ᠬᠡᠷᠡᠭᠲᠡᠶ ᠬᠡᠵᠤ ᠰᠠᠨᠠᠭᠤᠯᠪᠠ᠃ | | | | | ᠲᠤᠰᠠᠭᠠᠷᠯᠠᠬᠤ ᠬᠠᠪᠲᠠᠰᠤᠨ ᠭᠡᠷ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠴᠥᠭᠡᠨ ᠪᠤᠰᠤ ᠠᠵᠢᠯᠴᠢᠨ ᠪᠠᠶᠢᠪᠠ᠂ ᠸᠠᠩ ᠯᠢ ᠰᠢᠶᠠ | ᠠᠳᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠮᠠᠰᠢ ᠰᠠᠨᠠᠭᠠᠰᠢᠷᠠᠵᠤ ᠪᠠᠶᠢᠯ᠎ᠠ᠃ ᠲᠡᠷᠡ ᠰᠠᠯᠬᠢ ᠰᠢᠭᠤᠷᠭᠠᠨ ᠢ ᠰᠥᠷᠦᠨ ᠲᠤᠬᠠᠢ ᠶᠢᠨ | ᠲᠠᠯᠠᠪᠠᠢ ᠳᠤ ᠬᠦᠷᠴᠦ᠂ ᠨᠠᠷᠢᠨ ᠠᠰᠠᠭᠤᠵᠤ᠂ ᠨᠠᠷᠢᠨ ᠪᠠᠶᠢᠴᠠᠭᠠᠨ ᠦᠵᠡᠪᠡ᠃ ᠸᠠᠩ ᠯᠢ ᠰᠢᠶᠠ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠢ ᠡᠷᠬᠡᠪᠰᠢ ᠡᠯ᠎ᠡ | ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠷ ᠪᠥᠭᠡᠮ ᠬᠦᠴᠢᠯ ᠤᠨ | ᠪᠠᠶᠢᠴᠠᠭᠠᠯᠲᠠ ᠶᠢ ᠭᠦᠢᠴᠡᠳ ᠬᠢᠵᠦ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ᠂ ᠠᠵᠢᠯᠴᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠠᠬᠢᠪᠠ᠃ | | | | | | | | | | | | | | | | | ᠸᠠᠩ ᠯᠢ ᠰᠢᠶᠠ ᠤᠷᠢᠳ ᠬᠤᠵᠢᠳ ᠠᠮᠢ ᠠᠬᠤᠢ ᠶᠢᠨ ᠪᠣᠬᠢᠷ ᠤᠰᠤ ᠰᠢᠢᠳᠪᠦᠷᠢᠯᠡᠬᠦ ᠲᠥᠪ᠂ ᠢᠯᠴᠢ ᠬᠠᠩᠭᠠᠯᠭ᠎ᠠ ᠶᠢᠨ ᠨᠡᠭᠦᠷᠡᠰᠦᠨ ᠬᠡᠢ ᠶᠢᠨ ᠺᠣᠮᠫᠠᠨᠢ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ᠂ ᠡᠷᠢᠶᠡᠨ ᠤ | ᠯᠧ ᠰᠢᠶᠠᠩ ᠲᠤᠬᠢᠷᠠᠭᠤᠯᠤᠨ ᠬᠦᠷᠭᠡᠬᠦ ᠲᠠᠪᠴᠠᠩ ᠳᠤ ᠬᠦᠷᠴᠤ᠂ ᠬᠦᠷᠦᠭᠰᠡᠨ ᠭᠠᠵᠠᠷ ᠪᠣᠯᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠢ | ᠲᠣᠬᠤᠨᠢᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠲᠡᠷᠡ᠂ ᠪᠢᠲᠡᠭᠦᠮᠵᠢᠯᠡᠭᠰᠡᠨ | ᠬᠠᠮᠢᠶᠠᠷᠤᠯᠲᠠ ᠶᠢᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠳᠡ ᠪᠠᠨ ᠰᠠᠬᠢᠵᠤ᠂ ᠬᠥᠮᠦᠨ ᠢᠶᠠᠨ ᠬᠠᠷᠠᠵᠤ᠂ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠬᠤᠲᠠ ᠶᠢᠨ ᠬᠡᠪ ᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠃ |