| | | 6 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠭᠤᠷᠪᠠᠨ | ᠬᠠᠪᠴᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠸᠢ ᠮᠢᠩ ᠱᠠᠨ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠪᠦᠬᠦ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠣᠯᠤᠨ ᠤᠯᠠᠨ ᠲᠠᠯᠠᠪᠤᠷ ᠲᠠᠬᠢ ᠬᠡᠷᠡᠭᠯᠡᠯᠳᠡ ᠶᠢ ᠠᠬᠢᠭᠤᠯᠵᠤ᠂ ᠣᠷᠣᠨ ᠨᠤᠲᠤᠭ ᠪᠣᠯᠤᠨ ᠠᠵᠤ ᠠᠬᠤᠶᠢᠯᠠᠯ ᠤᠨ | ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠡᠭᠦᠳᠴᠦ᠂ ᠪᠦᠬᠦ ᠲᠠᠯ᠎ᠠ ᠶᠢᠨ᠂ ᠤᠯᠠᠨ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠭᠦᠨᠵᠡᠭᠡᠶᠢᠷᠡᠭᠦᠯᠬᠦ ᠶᠢᠨ ᠲᠤᠭᠤᠷᠢᠨ ᠳᠤ᠂ ᠰᠠᠨᠠᠯ ᠢᠶᠠᠨ ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ | ᠬᠠᠮᠲᠤ ᠶᠢᠨ ᠲᠠᠨᠢᠯᠲᠠ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠤᠷᠳᠤᠨ ᠮᠤᠷᠢᠨ ᠳᠤ ᠲᠠᠰᠢᠭᠤᠷ ᠨᠡᠮᠡᠨ ᠰᠢᠨ᠎ᠡ | ᠡᠨᠧᠷᠭᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠱᠠᠯᠠᠪᠳᠠᠭᠤᠯᠤᠨ ᠠᠬᠢᠭᠤᠯᠵᠤ᠂ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ | ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠠᠰᠢᠭ ᠣᠯᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠡᠯᠪᠡᠷᠢ ᠶᠢ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠠᠩ ᠱᠤᠤ ᠴᠦᠨ ᠠᠭᠤᠯᠵᠠᠯᠲᠠ ᠳᠤ ᠣᠷᠣᠯᠴᠠᠵᠠᠢ᠃ |