6 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠡᠷᠢᠶᠡᠨ ᠬᠤᠳᠠ ᠳᠤ ᠪᠣᠭᠤᠮᠲᠠ ᠪᠠᠷ ᠰᠠᠭᠠᠳ ᠦᠭᠡᠢ ᠥᠩᠭᠡᠷᠡᠬᠦ ᠶᠢ ᠪᠠᠳᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠤᠭᠤᠴᠢᠨ ᠪᠠᠶᠢᠴᠠᠭᠠᠪᠠ᠃ | | | | | | ᠸᠠᠩ ᠯᠢ ᠰᠢᠶᠠ ᠡᠷᠢᠶᠡᠨ ᠬᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠤᠷᠢᠳ ᠬᠤᠵᠢᠳ ᠬᠥᠬᠡᠬᠤᠲᠠ ᠶᠢᠨ ᠳᠡᠮᠤᠷ | ᠵᠠᠮ ᠤᠨ ᠭᠠᠳᠠᠭᠠᠳᠤ ᠳᠤ ᠬᠠᠨᠳᠤᠭᠤᠯᠤᠬᠰᠠᠨ ᠠᠵᠤ ᠠᠬᠤᠢ ᠮᠡᠷᠬᠡᠵᠢᠯ ᠤᠨ ᠬᠠᠮᠳᠤᠷᠠᠯᠴᠠᠭᠠᠨ ᠤ ᠪᠦᠯᠦᠭᠯᠡᠯ ᠤᠨ ᠡᠷᠢᠶᠡᠨ ᠳᠠᠬᠢ ᠬᠤᠪᠢᠶᠠᠷᠢ ᠺᠣᠮᠫᠠᠨᠢ᠂ ᠤᠯᠤᠰ ᠤᠨ | ᠤᠢ ᠮᠣᠳᠣᠨ ᠤ ᠦᠢᠯᠡᠰ᠂ ᠱᠠᠨᠰᠢ ᠶᠢᠨ ᠬᠤᠳᠠᠯᠳᠤᠭᠠᠨ ᠤ ᠵᠢᠩᠯᠡᠭᠦᠷ ᠤᠨ ᠦᠷᠳᠡᠭᠡ᠂ ᠲᠢᠶᠠᠨ ᠴᠧᠩ ᠥᠩᠭᠡᠲᠦ ᠪᠤᠯᠤᠳ ᠵᠡᠷᠭᠡ ᠠᠵᠤ ᠠᠬᠤᠶᠢᠯᠠᠯ ᠢᠶᠠᠷ ᠬᠦᠷᠴᠦ᠂ | ᠬᠦᠷᠦᠭᠰᠡᠨ ᠭᠠᠵᠠᠷ ᠪᠣᠯᠭᠠᠨ ᠳᠠᠭᠠᠨ ᠦᠢᠯᠡᠳᠪᠦᠷᠢᠯᠡᠯ ᠤᠨ ᠪᠠᠶᠢᠳᠠᠯ ᠢ ᠨᠢ ᠨᠠᠷᠢᠨ ᠠᠰᠠᠭᠤᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠠᠳᠬᠤᠵᠤ᠂ ᠨᠦᠬᠦᠭᠡ | ᠲᠠᠯ᠎ᠠ ᠪᠠᠷ ᠨᠡᠬᠡᠬᠡᠯᠳᠡ ᠬᠢᠬᠦ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠦᠬᠦ ᠬᠦᠴᠦᠨ ᠢᠶᠠᠷ ᠢᠶᠠᠨ | ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠲᠡᠢ ᠭᠡᠵᠦ ᠱᠠᠭᠠᠷᠳᠠᠪᠠ᠃ | | | | | | | | | | | | ᠸᠠᠩ ᠯᠢ ᠰᠢᠶᠠ ᠭᠤᠣᠯᠳᠠᠯᠭ᠎ᠠ ᠲᠠᠢ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠮᠠᠭᠲᠠ ᠰᠠᠨᠠᠭᠠᠰᠢᠷᠠᠵᠤ ᠪᠠᠶᠢᠯ᠎ᠠ᠃ ᠲᠡᠷᠡ | ᠡᠷᠢᠶᠡᠨ ᠬᠤᠳᠠ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ ᠮᠢᠩ ᠳ᠋ᠡ ᠰᠠᠭᠤᠭᠠᠯᠢ ᠠᠷᠠᠳ ᠤᠨ ᠲᠣᠭᠤᠷᠢᠭ᠂ ᠡᠷᠢᠶᠡᠨ ᠬᠤᠳᠠ ᠶᠢᠨ ᠨᠢᠭᠡᠳᠦᠭᠡᠷ ᠳᠤᠮᠳᠠᠳᠤ | ᠰᠤᠷᠭᠠᠭᠤᠯᠢ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠲᠤ ᠬᠦᠷᠴᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠪᠠ᠃ ᠲᠡᠷᠡ ᠠᠵᠢᠯᠲᠠᠳ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠵᠤ᠂ ᠡᠭᠦᠳᠡ ᠶᠢ ᠪᠠᠲᠤ ᠰᠠᠬᠢᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠵᠠᠬᠢᠪᠠ᠃ | | | | | | ᠳᠠᠬᠤᠯ ᠡᠪᠡᠳᠴᠢᠨ ᠤ ᠪᠠᠶᠢᠴᠠᠭᠠᠯᠳᠠ ᠡᠬᠢ ᠡᠬᠦᠰᠦᠯ ᠤᠨ ᠮᠦᠷᠳᠡᠯᠳᠠ ᠶᠢᠨ ᠠᠵᠢᠯ ᠤᠨ ᠳᠤᠭᠤᠶᠢᠯᠠᠩ ᠳᠤ᠂ ᠸᠠᠩ ᠯᠢ ᠰᠢᠶᠠ ᠬᠦᠰᠦᠨᠦᠭᠲᠦ ᠶᠢ ᠦᠵᠡᠵᠦ᠂ | ᠲᠤᠭ᠎ᠠ ᠪᠠᠷᠢᠮᠲᠠ ᠶᠢ ᠬᠠᠷᠭᠤᠭᠤᠯᠵᠥ᠂ ᠬᠥᠮᠦᠨ ᠤ ᠲᠤᠭ᠎ᠠ ᠶᠢ ᠪᠤᠳᠤᠵᠤ᠂ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠵᠤ᠂ ᠲᠤᠬᠠᠶ ᠶᠢᠨ ᠲᠠᠯᠠᠪᠠᠶ ᠳᠤ ᠠᠵᠢᠯᠯᠠᠵᠤ᠂ | ᠠᠵᠢᠯᠲᠠᠳ ᠢ ᠵᠢᠯᠣᠭᠤᠳᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠡᠷᠡ᠂ ᠳᠠᠬᠤᠯ ᠡᠪᠡᠳᠴᠢᠨ ᠢ ᠪᠠᠶᠢᠴᠠᠭᠠᠵᠤ ᠡᠬᠢ ᠡᠬᠦᠰᠦᠯ ᠢ | ᠮᠦᠷᠳᠡᠬᠦ ᠳᠤ ᠡᠷᠬᠡᠪᠰᠢ ᠲᠦᠷᠭᠡᠨ ᠪᠥᠭᠡᠳ ᠣᠨᠣᠴᠠᠲᠠᠶ ᠪᠠᠶᠢᠵᠥ᠂ ᠡᠭᠦᠳᠡ ᠲᠣᠭᠰᠢᠬᠤ ᠠᠵᠢᠯᠯᠠᠭ᠎ᠠ᠂ ᠴᠡᠪᠡᠷᠯᠡᠨ ᠠᠷᠢᠯᠭᠠᠬᠤ ᠠᠵᠢᠯᠯᠠᠭ᠎ᠠ ᠥᠷᠨᠢᠭᠦᠯᠵᠦ᠂ ᠱᠠᠲᠤ | ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠠᠭᠠᠷᠯᠠᠪᠠᠯ ᠵᠣᠬᠢᠬᠤ ᠪᠦᠬᠦᠨ ᠢ ᠲᠤᠰᠠᠭᠠᠷᠯᠠᠬᠤ ᠶᠢ ᠪᠠᠲᠤᠯᠠᠬᠤ ᠬᠡᠷᠡᠭᠲᠡᠶ ᠬᠡᠵᠥ ᠱᠠᠭᠠᠷᠳᠠᠪᠠ᠃ | ᠸᠠᠩ ᠯᠢ ᠰᠢᠶᠠ ᠪᠠᠰᠠ ᠬᠤᠸᠠᠨ ᠢᠦᠢ ᠣᠯᠠᠨ ᠤᠯᠤᠰ ᠤᠨ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠬᠦᠷᠴᠦ ᠪᠠᠶᠢᠴᠠᠭᠠᠪᠠ᠃ |