6 ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠲᠦᠩᠯᠢᠶᠣᠣ | ᠬᠤᠲᠠ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ | | | | 6 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠦᠩᠯᠢᠶᠣᠤ ᠬᠤᠳᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠪᠠ᠃ | ᠰᠤᠷᠪᠤᠯᠵᠢᠯᠠᠭᠴᠢ ᠶᠤᠸᠠᠨ ᠶᠦᠩ ᠬᠤᠩ ᠰᠡᠬᠦᠳᠡᠷᠯᠡᠪᠡ | ᠰᠦᠨ ᠱᠣᠣ ᠴᠧᠩ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠺᠠᠩ ᠵᠢᠶᠠ ᠯᠢ ᠶᠤᠸᠠᠨ ᠰᠠᠭᠤᠭᠠᠯᠢ ᠠᠷᠠᠳ ᠤᠨ ᠲᠣᠭᠤᠷᠢᠭ᠂ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢ ᠰᠢᠨᠵᠢᠯᠡᠨ ᠪᠠᠶᠢᠴᠠᠭᠠᠪᠠ᠂ ᠲᠡᠷᠡ | ᠲᠤᠬᠠᠢ ᠶᠢᠨ ᠭᠠᠵᠠᠷ ᠤᠨ ᠺᠠᠳ᠋ᠷᠴᠤᠳ ᠲᠤ ᠣᠯᠠᠨ ᠲᠦᠮᠡᠨ ᠳᠤ ᠦᠢᠯᠡᠴᠢᠯᠡᠬᠦ ᠳᠤ ᠨᠢᠭᠡ ᠳᠤ ᠪᠠᠶᠢᠬᠤ ᠶᠣᠰᠣᠲᠠᠢ ᠲᠥᠷᠥᠯ ᠵᠦᠢᠯ ᠨᠢ ᠪᠠᠶᠢᠬᠤ ᠬᠡᠷᠡᠭᠲᠡᠢ᠂ ᠬᠤᠶᠠᠷ ᠲᠤ | ᠣᠯᠠᠨ ᠲᠦᠮᠡᠨ ᠢ ᠤᠴᠢᠷ ᠶᠠᠪᠤᠳᠠᠯ ᠢᠶᠠᠨ ᠰᠢᠢᠳᠪᠦᠷᠢᠯᠡᠬᠦ ᠳᠤ ᠳᠥᠭᠦᠮ ᠪᠠᠶᠢᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠶᠠᠪᠤᠳᠠᠯ ᠡᠷᠬᠢᠯᠡᠬᠦ | ᠬᠤᠷᠳᠤᠴᠠ ᠪᠠᠨ ᠳᠡᠭᠡᠭᠰᠢᠯᠡᠭᠦᠯᠦᠨ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠣᠯᠠᠨ ᠲᠦᠮᠡᠨ ᠤ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ | ᠭᠡᠵᠦ ᠬᠡᠯᠡᠪᠡ᠃ | | | | 6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠦᠩᠯᠢᠶᠣᠤ ᠬᠤᠲᠠ ᠳᠤ | ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠩᠯᠢᠶᠣᠤ ᠬᠤᠲᠠ ᠶᠢᠨ ᠠᠵᠤ ᠠᠬᠤᠢ ᠨᠠᠶᠢᠭᠡᠮ ᠤᠨ ᠭᠦᠭᠵᠢᠯᠳᠠ ᠶᠢᠨ ᠪᠠᠶᠢᠳᠠᠯ ᠪᠤᠯᠤᠨ ᠪᠦᠬᠦ ᠤᠷᠤᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ | ᠰᠤᠷᠪᠤᠯᠵᠢᠯᠠᠭᠴᠢ ᠶᠤᠸᠠᠨ ᠶᠦᠩ ᠬᠤᠩ ᠰᠡᠬᠦᠳᠡᠷᠯᠡᠪᠡ | ᠡᠨᠡ ᠬᠤᠭᠤᠴᠠᠭᠠᠨ ᠳᠤ᠂ ᠰᠦᠨ ᠱᠣᠣ ᠴᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠭᠰᠡᠨ ᠪᠠᠶᠢᠳᠠᠯ ᠢ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ | ᠲᠡᠷᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠡᠩ ᠲᠡᠷᠢᠭᠦᠨ ᠳᠤ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠪᠣᠢ | ᠪᠣᠯᠭᠠᠬᠤ ᠬᠡᠷᠡᠭᠲᠡᠢ᠃ ᠺᠠᠳ᠋ᠷ ᠤᠨ ᠰᠤᠷᠲᠠᠯ ᠢᠶᠠᠨ ᠰᠠᠶᠢᠵᠢᠷᠠᠭᠤᠯᠬᠤ ᠶᠢ ᠵᠣᠷᠢᠭᠵᠢᠭᠤᠯᠵᠤ᠂ ᠥᠪᠥᠷ ᠮᠣᠩᠭᠤᠯ ᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠳᠦᠷᠢ ᠲᠥᠷᠬᠦ ᠶᠢ ᠱᠤᠭᠤᠬᠤ ᠬᠡᠷᠡᠭᠲᠡᠢ︔ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠰᠪᠤᠷ ᠰᠢᠯᠤᠭᠤᠨ᠂ ᠣᠮᠤᠭ ᠲᠡᠭᠦᠯᠳᠡᠷ | ᠤᠯᠠᠮᠵᠢᠯᠠᠯ ᠢ ᠪᠠᠳᠠᠷᠠᠭᠤᠯᠵᠤ᠂ ᠥᠪᠥᠷ ᠮᠣᠩᠭᠤᠯ ᠤᠨ 2400 ᠭᠠᠷᠤᠢ ᠲᠦᠮᠡᠨ ᠠᠷᠠᠳ ᠲᠦᠮᠡᠨ ᠤ ᠦᠨᠡᠨᠴᠢ ᠢᠲᠡᠭᠡᠮᠵᠢᠲᠡᠢ᠂ ᠨᠠᠶᠢᠳᠠᠪᠤᠷᠢᠲᠠᠢ ᠪᠠᠶᠢᠬᠤ ᠳᠦᠷᠢ | ᠲᠥᠷᠬᠦ ᠶᠢ ᠱᠤᠭᠤᠬᠤ ᠬᠡᠷᠡᠭᠲᠡᠢ︔ ᠢᠳᠡᠪᠬᠢ ᠬᠦᠴᠦᠨ ᠢᠶᠠᠷ ᠪᠢᠯᠬᠠᠮ᠎ᠠ ᠬᠥᠮᠥᠨ᠂ ᠤᠴᠢᠷ ᠶᠠᠪᠤᠳᠠᠯ ᠪᠣᠯᠣᠨ ᠪᠠᠶᠢᠭᠠᠯᠢ ᠶᠢᠨ ᠥᠩᠭᠡ ᠦᠵᠡᠮᠵᠢ ᠶᠢ ᠢᠯᠡᠭᠦᠬᠡᠨ | ᠮᠡᠳᠡᠭᠡᠯᠡᠵᠦ᠂ ᠥᠪᠥᠷ ᠮᠣᠩᠭᠤᠯ ᠤᠨ ᠦᠨᠡᠨ ᠰᠠᠶᠢᠨ ᠰᠠᠶᠢᠬᠠᠨ ᠳᠦᠷᠢ ᠲᠥᠷᠬᠦ ᠶᠢ ᠱᠤᠭᠤᠬᠤ ᠬᠡᠷᠡᠭᠲᠡᠢ︔ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠠᠷᠠᠳ ᠲᠦᠮᠡᠨ ᠤ ᠬᠤᠶᠢᠷᠭᠤᠰᠢᠬᠤ ᠦᠭᠡᠢ ᠳᠦᠷᠢ ᠲᠥᠷᠬᠦ ᠶᠢ ᠱᠤᠭᠤᠬᠤ ᠬᠡᠷᠡᠭᠲᠡᠢ︔ ᠳᠦᠷᠢᠮ | ᠲᠣᠭᠲᠠᠭᠠᠯ ᠲᠣᠭᠲᠠᠭᠠᠵᠤ᠂ ᠡᠯ᠎ᠡ ᠲᠠᠯ᠎ᠠ ᠶᠢᠨ ᠠᠵᠢᠯ ᠤᠨ ᠳᠦᠷᠢᠮ ᠲᠣᠭᠲᠠᠭᠠᠯ ᠲᠠᠢ ᠪᠠᠶᠢᠬᠤ ᠶᠢ ᠠᠬᠢᠭᠤᠯᠵᠤ᠂ ᠥᠪᠥᠷ ᠮᠣᠩᠭᠤᠯ ᠤᠨ ᠠᠷᠠᠳ ᠲᠦᠮᠡᠨ ᠤ ᠤᠴᠢᠷ | ᠶᠠᠪᠤᠳᠠᠯ ᠰᠢᠢᠳᠪᠦᠷᠢᠯᠡᠬᠦ ᠳᠡᠭᠡᠨ ᠶᠣᠰᠣ ᠳᠦᠷᠢᠮ ᠲᠠᠢ ᠪᠠᠶᠢᠬᠤ ᠳᠦᠷᠢ ᠲᠥᠷᠬᠦ ᠶᠢ ᠱᠤᠭᠤᠬᠤ ᠬᠡᠷᠡᠭᠲᠡᠢ︔ ᠨᠠᠷᠢᠯᠢᠭ ᠵᠦᠢᠯᠡᠰ ᠢ ᠡᠷᠬᠢᠮᠯᠡᠵᠦ᠂ ᠣᠨᠣᠴᠠᠲᠠᠢ | ᠦᠢᠯᠡᠴᠢᠯᠡᠵᠦ᠂ ᠤᠴᠢᠷ ᠶᠠᠪᠤᠳᠠᠯ ᠢ ᠰᠢᠢᠳᠪᠦᠷᠢᠯᠡᠬᠦ ᠳᠡᠭᠡᠨ ᠪᠦᠳᠦᠭᠦᠯᠢᠭ᠂ ᠬᠤᠭᠤᠰᠤᠨ ᠰᠦᠷ ᠮᠠᠨᠳᠤᠭᠤᠯᠳᠠᠭ ᠳᠦᠷᠢ ᠲᠥᠷᠬᠦ ᠶᠢ ᠬᠤᠪᠢᠷᠠᠭᠤᠯᠬᠤ ᠬᠡᠷᠡᠭᠲᠡᠢ᠃ | ᠮᠡᠳᠡᠭᠡ ᠵᠠᠩᠭᠢ ᠶᠢᠨ ᠥᠨᠥᠴᠢᠨ ᠠᠷᠠᠯ ᠢ ᠠᠷᠢᠯᠭᠠᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠥᠷᠢ ᠰᠢᠷᠢ ᠶᠢ ᠠᠷᠢᠯᠭᠠᠬᠤ᠂ ᠠᠵᠤ ᠠᠬᠤᠶᠢᠯᠠᠯ ᠳᠤ ᠭᠠᠵᠠᠷ | ᠰᠢᠷᠣᠢ ᠶᠢᠨ ᠭᠠᠷᠳᠠᠮ ᠢ ᠲᠦᠷᠭᠡᠨ ᠭᠦᠢᠴᠡᠳᠬᠡᠵᠦ ᠥᠭᠬᠦ᠂ ᠠᠵᠤ ᠠᠬᠤᠶᠢᠯᠠᠯ ᠤᠨ ᠲᠥᠷᠥᠯ ᠵᠦᠢᠯ ᠮᠡᠳᠡᠭᠦᠯᠬᠦ ᠶᠢ ᠲᠦᠷᠭᠡᠨ ᠬᠢᠨᠠᠨ ᠵᠥᠪᠰᠢᠶᠡᠷᠡᠬᠦ ᠵᠡᠷᠭᠡ ᠪᠣᠳᠠᠲᠠᠢ | ᠶᠠᠪᠤᠳᠠᠯ ᠠᠴᠠ ᠭᠠᠷᠳᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ | ᠬᠡᠷᠡᠭᠲᠡᠢ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠧᠩ ᠰᠢᠶᠠᠨ ᠳ᠋ᠦᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |