6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠡᠷᠢᠶᠡᠨ ᠬᠤᠳᠠ ᠶᠢᠨ ᠪᠠᠶᠢᠰᠢᠩ ᠭᠡᠷ ᠤᠨ ᠲᠣᠭᠤᠷᠢᠭ᠂ ᠡᠮᠨᠡᠯᠭᠡ ᠶᠢᠨ ᠬᠤᠷᠢᠶ᠎ᠠ᠂ ᠪᠠᠷᠢᠯᠭ᠎ᠠ ᠶᠢᠨ ᠭᠠᠵᠠᠷ ᠢᠶᠠᠷ ᠳᠠᠬᠢᠨᠲᠠ ᠭᠦᠨᠵᠡᠭᠡᠶᠢᠷᠡᠵᠦ᠂ ᠡᠬᠦᠨ | ᠠᠴᠠ ᠡᠮᠦᠨᠡᠬᠢ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠠᠵᠢᠯ ᠢ ᠨᠠᠷᠢᠯᠢᠭ | ᠣᠨᠣᠴᠠᠳᠠᠢ ᠰᠠᠶᠢᠲᠤᠷ ᠬᠢᠵᠦ᠂ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ | ᠭᠡᠵᠦ ᠱᠠᠭᠠᠷᠳᠠᠪᠠ᠃ | | | | | | | | | | | ᠸᠠᠩ ᠯᠢ ᠰᠢᠶᠠ ᠤᠷᠢᠳ ᠬᠤᠵᠢᠳ ᠬᠡᠨᠳᠠᠢ ᠵᠡᠭᠡᠯᠢ ᠶᠢᠨ ᠬᠤᠶᠢᠲᠤ ᠵᠢᠷᠭᠤᠳᠤᠭᠠᠷ ᠮᠦᠷ᠂ ᠡᠷᠢᠶᠡᠨ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ | ᠲᠤᠰᠠᠭᠠᠷᠯᠠᠬᠤ ᠬᠠᠪᠲᠠᠰᠤᠨ ᠭᠡᠷ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠬᠦᠨ ᠠᠴᠠ ᠡᠮᠦᠨᠡᠬᠢ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ ᠸᠠᠩ | ᠯᠢ ᠰᠢᠶᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠬᠢᠵᠢᠭ ᠤᠨ ᠪᠠᠶᠢᠳᠠᠯ ᠢ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠵᠠᠬᠢᠪᠠ᠃ | ᠸᠠᠩ ᠯᠢ ᠰᠢᠶᠠ ᠪᠠᠰᠠ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠲᠦᠮᠡᠨ ᠤ ᠡᠳᠦᠷ | ᠲᠤᠳᠤᠮ ᠤᠨ ᠪᠠᠴᠢᠮ ᠬᠡᠷᠡᠭᠰᠡᠬᠦ ᠡᠮᠴᠢᠯᠡᠭᠡᠨ ᠤ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠴᠢᠮ ᠲᠦᠪᠡᠭᠳᠡᠢ ᠬᠦᠨᠳᠦ ᠡᠪᠡᠳᠴᠢᠨ | ᠤᠯᠤᠭᠰᠠᠳ ᠲᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ ᠬᠠᠷᠢᠭᠤᠴᠠᠯᠭ᠎ᠠ ᠲᠠᠢ ᠪᠠᠷ ᠦᠨᠡᠨ ᠰᠠᠳᠬᠢᠯ ᠠᠴᠠ ᠪᠠᠨ ᠤᠯᠠᠨ ᠲᠦᠮᠡᠨ ᠤ ᠪᠠᠴᠢᠮᠳᠠᠵᠤ | ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ |