6 ᠳ᠋ᠤᠭᠠᠷ ᠰᠠᠷ᠎ᠠ ᠶᠢᠨ 12 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 27 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 10᠂ ᠰᠢᠯᠢ ᠶᠢᠨ ᠭᠤᠣᠯ ᠠᠶᠢᠮᠠᠭ ᠲᠤ 17 ᠪᠣᠢ᠃ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 13 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ | ᠠᠶᠢᠮᠠᠭ ᠲᠤ 12 ᠪᠤᠢ᠃ | 6 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 272 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 54᠂ ᠰᠢᠯᠢ ᠶᠢᠨ | ᠭᠤᠣᠯ ᠠᠶᠢᠮᠠᠭ ᠲᠤ 216 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 248 ︵ᠬᠠᠷᠭᠤᠭᠤᠯᠤᠭᠰᠠᠨ ᠤ ᠬᠤᠶᠢᠨ᠎ᠠ 1 | ᠵᠢᠱᠢᠶ᠎ᠡ ᠨᠡᠮᠡᠭᠳᠡᠪᠡ︶ ᠪᠤᠢ᠂ ᠡᠭᠦᠨ ᠳᠤ ᠬᠦᠬᠡᠬᠤᠳᠠ ᠳᠤ 4᠂ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ | 240 ︵ᠬᠠᠷᠭᠤᠭᠤᠯᠤᠭᠰᠠᠨ ᠤ ᠬᠤᠶᠢᠨ᠎ᠠ 1 ᠵᠢᠱᠢᠶ᠎ᠡ ᠨᠡᠮᠡᠭᠳᠡᠪᠡ︶᠂ ᠤᠯᠠᠭᠠᠨᠴᠠᠪ ᠬᠤᠲᠠ ᠳᠤ 1 ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |