6 ᠰᠠᠷ᠎ᠠ ᠶᠢᠨ 13 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠪᠣᠯᠤᠨ ᠡᠮᠴᠢᠯᠡᠭᠡᠨ ᠤ ᠠᠵᠢᠯᠳᠠᠳ ᠤᠨ | ᠰᠠᠭᠤᠭ᠎ᠠ ᠭᠠᠵᠠᠷ ᠲᠤ ᠬᠦᠷᠴᠦ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠦᠵᠡᠵᠥ ᠲᠣᠬᠤᠨᠢᠭᠤᠯᠪᠠ᠃ | | | | ᠸᠠᠩ ᠯᠢ ᠰᠢᠶᠠ ᠡᠷᠢᠶᠡᠨ ᠬᠤᠳᠠ ᠶᠢ ᠳᠤᠰᠠᠯᠠᠬᠤ ᠬᠢᠩᠭᠠᠨ ᠠᠶᠢᠮᠠᠬ ᠤᠨ ᠡᠮᠴᠢᠯᠡᠭᠡᠨ ᠤ ᠠᠩᠬᠢ ᠶᠢᠨ ᠰᠠᠭᠤᠭ᠎ᠠ ᠭᠠᠵᠠᠷ ᠲᠤ ᠬᠦᠷᠴᠤ᠂ ᠲᠣᠬᠤᠨᠢᠭᠤᠯᠬᠤ | ᠪᠣᠳᠠᠰ ᠬᠦᠷᠭᠡᠵᠦ᠂ ᠤᠯᠠᠨ ᠢᠶᠠᠷ ᠢᠶᠠᠨ ᠠᠮᠤᠷ ᠲᠦᠪᠰᠢᠨ ᠤ ᠬᠠᠮᠠᠭᠠᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠠᠯᠳᠠᠪᠤᠷᠢᠯᠠᠭᠳᠠᠬᠤ ᠦᠭᠡᠢ ᠪᠠᠶᠢᠬᠤ ᠶᠢ ᠦᠨᠡᠨ | ᠬᠦ ᠪᠠᠲᠤᠯᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ | ᠤᠯᠬᠤ ᠬᠡᠷᠡᠭᠲᠡᠢ ᠭᠡᠵᠦ ᠵᠠᠬᠢᠪᠠ᠃ ᠲᠡᠷᠡ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠵᠠᠩᠭᠢᠯᠠᠭ᠎ᠠ ᠶᠢᠨ ᠦᠶ᠎ᠡ ᠳᠤ᠂ | ᠲᠠ ᠨᠠᠷ ᠪᠠᠭ᠎ᠠ ᠭᠡᠷ ᠢᠶᠠᠨ ᠠᠷᠤ ᠳᠠᠭᠠᠨ ᠬᠠᠶᠠᠵᠥ᠂ ᠤᠯᠤᠰ ᠤᠷᠤᠨ ᠤ ᠪᠠᠨ ᠲᠥᠯᠥᠭᠡ ᠴᠡᠭᠡᠵᠢ ᠲᠦᠷᠢᠨ ᠵᠢᠳᠬᠦᠵᠦ᠂ ᠡᠮᠦᠨ᠎ᠡ ᠹᠷᠣᠨᠲ ᠲᠤ ᠭᠠᠪᠰᠢᠭᠠᠶᠢᠯᠠᠵᠥ᠂ | ᠴᠠᠭᠠᠨ ᠬᠤᠶᠠᠭ ᠢᠶᠠᠨ ᠬᠡᠳᠦᠷᠤᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠭᠠᠷᠮᠠᠭᠠᠢ ᠪᠡᠶᠡᠯᠡᠭᠦᠯᠵᠦ᠂ ᠠᠷᠠᠳ ᠤᠯᠠᠨ ᠤ | ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠪᠠ᠂ ᠲᠠ ᠨᠠᠷ ᠪᠣᠯ ᠬᠠᠮᠤᠭ ᠤᠨ ᠭᠤᠶᠤ ᠰᠥᠷᠭᠡᠦ ᠤᠷᠤᠬᠰᠢᠯᠠᠬᠴᠢᠳ ᠮᠦᠨ ᠬᠡᠪᠡ᠃ | | | ᠶᠠᠪᠠᠭᠠᠨ ᠵᠡᠭᠡᠯᠢ ᠶᠢᠨ ᠳᠤᠮᠳᠠ ᠬᠡᠰᠡᠭ ᠤᠨ ᠵᠢᠵᠢᠭᠦᠷᠯᠡᠬᠦ ᠴᠡᠭ ᠲᠤ᠂ ᠸᠠᠩ ᠯᠢ ᠰᠢᠶᠠ ᠵᠢᠵᠢᠭᠦᠷᠯᠡᠵᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠨᠠᠷ ᠢ ᠳᠣᠲᠣᠨᠣ ᠪᠠᠷ ᠲᠣᠬᠤᠨᠢᠭᠤᠯᠪᠠ᠃ ᠲᠡᠷᠡ᠂ ᠬᠢᠵᠢᠭ ᠤᠨ ᠪᠠᠶᠢᠳᠠᠯ ᠭᠠᠷᠤᠬᠰᠠᠨ ᠤ ᠳᠠᠷᠠᠭ᠎ᠠ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠵᠠᠷᠯᠢᠭ ᠢ ᠲᠤᠰᠤᠮᠠᠭᠴᠠ ᠪᠠᠨ ᠬᠥᠳᠡᠯᠦᠯᠴᠡᠵᠦ᠂ ᠡᠳᠦᠷᠵᠢᠨ ᠰᠥᠨᠢᠵᠢᠨ ᠠᠵᠢᠯ ᠢᠶᠠᠨ ᠥᠷᠨᠢᠭᠦᠯᠵᠦ᠂ ᠳᠠᠭᠤᠳᠠᠮᠠᠬᠴᠠ ᠢᠷᠡᠵᠦ ᠳᠡᠶᠢᠯᠬᠦ᠂ ᠢᠷᠡᠮᠡᠭᠴᠡ | ᠪᠠᠶᠢᠯᠳᠤᠵᠤ ᠳᠡᠶᠢᠯᠬᠦ᠂ ᠪᠠᠶᠢᠯᠳᠤᠪᠠᠰᠤ ᠢᠯᠠᠵᠥ ᠳᠡᠶᠢᠯᠬᠦ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠪᠡ᠃ ᠲᠠ ᠨᠠᠷ ᠤᠨ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠦᠴᠢᠷ ᠠᠴᠠ ᠠᠶᠤᠬᠤ ᠦᠭᠡᠢ ᠪᠠᠷ | ᠦᠷᠭᠦᠯᠵᠢᠯᠡᠨ ᠴᠢᠷᠮᠠᠶᠢᠵᠤ᠂ ᠦᠷᠭᠦᠯᠵᠢᠯᠡᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠪᠦᠬᠦ ᠠᠵᠢᠯᠳᠠᠨ ᠳᠤ ᠲᠣᠬᠤᠨᠢᠭᠤᠯᠤᠯ ᠬᠦᠷᠭᠡᠪᠡ᠃ |