6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠰᠢᠯᠢᠩᠬᠤᠲᠠ ᠳᠤ ᠬᠦᠷᠴᠦ ᠲᠤᠰᠠᠭᠠᠷᠯᠠᠬᠤ ᠪᠠᠭᠤᠳᠠᠯ ᠢ ᠪᠠᠶᠢᠴᠠᠭᠠᠪᠠ᠃ | | | | | | | | | ᠸᠠᠩ ᠯᠢ ᠰᠢᠶᠠ ᠤᠷᠢᠳ ᠬᠤᠵᠢᠳ ᠬᠤᠸᠠ ᠰᠢ ᠪᠠᠭᠤᠳᠠᠯ᠂ ᠰᠢᠯᠢᠩᠬᠤᠲᠠ ᠶᠡᠭᠡ ᠪᠠᠭᠤᠳᠠᠯ ᠳᠤ ᠬᠦᠷᠴᠦ᠂ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ | ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠢᠯ ᠤᠨ ᠡᠬᠡ ᠲᠠᠩᠰᠠ ᠶᠢ ᠨᠢᠭᠡᠳ ᠨᠢᠭᠡ ᠪᠠᠷ ᠤᠷᠪᠠᠭᠤᠯᠤᠨ ᠦᠵᠡᠵᠦ᠂ ᠡᠷᠢᠶᠡᠨ ᠬᠤᠲᠠ ᠠᠴᠠ ᠰᠢᠯᠵᠢᠭᠦᠯᠦᠨ | ᠵᠥᠭᠡᠭᠡᠪᠦᠷᠢᠯᠡᠵᠦ ᠠᠪᠴᠢᠷᠠᠭᠠᠳ ᠲᠤᠰᠠᠭᠠᠷᠯᠠᠵᠤ ᠪᠠᠶᠢᠭ᠎ᠠ ᠬᠥᠮᠦᠰ ᠤᠨ ᠮᠡᠳᠡᠭᠡ ᠵᠠᠩᠭᠢ ᠶᠢ ᠨᠠᠷᠢᠨ ᠣᠶᠢᠯᠠᠭᠠᠵᠤ᠂ ᠠᠷᠢᠭᠤᠳᠬᠠᠨ ᠤᠰᠠᠳᠬᠠᠵᠤ᠂ ᠬᠤᠭ ᠨᠣᠪᠰᠢ ᠶᠢ | ᠰᠢᠶᠳᠪᠦᠷᠢᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠲᠡᠷᠡ᠂ ᠲᠤᠰᠠᠭᠠᠷᠯᠠᠬᠤ ᠴᠡᠭ ᠤᠨ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠪᠣᠯᠪᠠᠰᠤᠷᠠᠯ ᠢ ᠴᠢᠩᠭᠠᠳᠬᠠᠨ᠂ ︽ᠭᠤᠷᠪᠠᠨ ᠲᠣᠭᠤᠷᠢᠭ ᠬᠤᠶᠠᠷ ᠨᠡᠪᠳᠡᠷᠡᠬᠦ ᠵᠠᠮ︾ ᠵᠡᠷᠭᠡ | ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠳᠠᠷᠤᠶᠢᠬᠠᠨ ᠰᠠᠶᠢᠵᠢᠷᠠᠭᠤᠯᠤᠨ | ᠬᠦᠢᠴᠡᠳᠭᠡᠵᠦ᠂ ᠡᠳᠦᠷ ᠪᠦᠷᠢ ᠴᠡᠪᠡᠷᠯᠡᠨ ᠳ᠋ᠦᠡᠭᠨᠡᠬᠦ ᠭᠡᠷᠡᠭᠳᠠᠢ᠃ ᠬᠥᠮᠦᠨ ᠬᠠᠷ᠎ᠠ᠂ ᠡᠳ᠋ ᠪᠣᠳᠠᠰ᠂ ᠬᠤᠭ ᠨᠣᠪᠰᠢ ᠶᠢ ᠰᠢᠢᠳᠪᠦᠷᠢᠯᠡᠬᠦ ᠪᠦᠬᠦ ᠬᠡᠯᠬᠢᠶᠡᠨ ᠳᠤ | ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ | ᠬᠢᠨᠠᠨ ᠬᠡᠮᠵᠢᠯᠲᠡ ᠶᠢ ᠦᠨᠡᠨ ᠬᠦ ᠴᠢᠩᠭᠠᠳᠬᠠᠵᠤ᠂ ᠢᠯᠠᠩᠭᠤᠶ᠎ᠠ ᠨᠠᠰᠤᠲᠠᠶᠢᠴᠤᠳ ᠪᠣᠯᠤᠨ ᠬᠡᠦᠬᠡᠳ ᠢ ᠰᠠᠶᠢᠲᠤᠷ ᠬᠠᠷᠠᠭᠠᠯᠵᠠᠵᠤ᠂ ᠲᠡᠳᠡᠨ ᠢ ᠬᠠᠪᠰᠤᠷᠤᠨ | ᠰᠡᠳᠭᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠨᠡᠩ ᠪᠠᠲᠤ ᠴᠢᠩᠭ᠎ᠠ ᠢᠲᠡᠭᠡᠯ ᠵᠣᠷᠢᠭ ᠢᠶᠠᠷ ᠲᠤᠰᠠᠭᠠᠷᠯᠠᠬᠤ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠤ | ᠲᠠᠬᠢᠨ ᠲᠠᠪᠳᠠᠨ ᠵᠡᠬᠢᠪᠠ᠃ |