ᠪᠦᠬᠦ ᠣᠷᠣᠨ ᠤ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠢ ᠲᠤᠬᠢᠷᠠᠭᠤᠯᠤᠨ ᠠᠬᠢᠭᠤᠯᠬᠤ ᠸᠢᠳᠢᠣ᠋ ᠬᠤᠷᠠᠯ ᠬᠤᠷᠠᠯᠳᠤᠪᠠ  ᠬᠤᠸᠠᠩ ᡁᠢ ᠴᠢᠶᠠᠩ ᠬᠤᠷᠠᠯ ᠢ ᠡᠷᠬᠢᠯᠠᠵᠠᠢ
ᠨᠡᠶᠢᠲᠡᠯᠡᠭᠰᠡᠨ ᠴᠠᠭ᠄
2022/6/14
      6 ᠰᠠᠷ᠎ᠠ ᠶᠢᠨ 10 ᠤ ᠡᠳᠦᠷ᠂ ᠪᠦᠬᠦ ᠣᠷᠣᠨ ᠤ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠢ ᠲᠤᠬᠢᠷᠠᠭᠤᠯᠤᠨ ᠠᠬᠢᠭᠤᠯᠬᠤ ᠸᠢᠳᠢᠣ᠋ ᠬᠤᠷᠠᠯ ᠬᠥᠬᠡᠬᠤᠲᠠ ᠳᠤ ᠬᠤᠷᠠᠯᠳᠤᠵᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠸᠠᠩ ᡁᠢ ᠴᠢᠶᠠᠩ᠂ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠪᠦᠬᠦ ᠵᠢᠯ ᠤᠨ ᠭᠤᠣᠯ ᠪᠣᠯᠬᠤ ᠠᠵᠤ ᠠᠬᠤᠢ ᠶᠢᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠲᠠᠢ ᠬᠤᠯᠪᠣᠭᠳᠠᠬᠤ ︽ᠲᠣᠭᠲᠠᠪᠤᠷᠢᠵᠢᠭᠤᠯᠤᠭᠴᠢ︾ ᠪᠠ ︽ᠢᠯᠠᠭᠤᠬᠴᠢ︾ ᠪᠣᠯᠤᠨ᠎ᠠ᠃ ᠲᠦᠷᠤᠯ ᠵᠤᠶᠢᠯ ᠳᠤ ᠦᠶᠡᠯᠡᠯ ᠤᠨ ᠬᠤᠭᠤᠴᠠᠭ᠎ᠠ ᠲᠠᠢ ᠪᠠᠶᠢᠵᠦ᠂ ᠴᠠᠭ ᠮᠦᠴᠡ ᠲᠠᠢ ᠤᠷᠤᠯᠳᠤᠬᠤ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠥᠷᠯᠥᠭᠡ ᠦᠳᠡᠰᠢ ᠶᠢ ᠲᠡᠮᠡᠴᠡᠬᠦ ᠲᠤᠯᠭᠠᠮ ᠰᠡᠳᠭᠢᠯᠭᠡ ᠪᠠ ᠴᠠᠭ ᠢᠮᠠᠭᠲᠠ ᠰᠡᠳᠬᠢᠯ ᠲᠠᠯᠪᠢᠬᠤ ᠬᠠᠷᠢᠭᠤᠴᠠᠯᠭᠠᠲᠤ ᠰᠡᠳᠭᠢᠯᠭᠡ ᠲᠠᠢ ᠪᠠᠶᠢᠵᠤ᠂ ᠲᠥᠷᠥᠯ ᠵᠦᠶᠯ ᠢ ᠲᠦᠯᠦᠪᠵᠢᠬᠦᠯᠬᠦ ᠳᠤ ᠨᠥᠭᠡᠴᠡᠯᠡᠬᠦ ᠶᠢ ᠠᠳᠬᠤᠬᠤ᠂ ᠰᠢᠨ᠎ᠡ ᠪᠠᠷ ᠪᠦᠲᠦᠬᠡᠨ ᠪᠠᠶᠢᠭᠤᠯᠬᠤ ᠲᠥᠷᠥᠯ ᠵᠦᠶᠯ ᠤᠨ ᠠᠵᠢᠯ ᠢ ᠡᠬᠢᠯᠡᠭᠦᠯᠬᠦ ᠶᠢ ᠠᠳᠬᠤᠬᠤ᠂ ᠪᠦᠲᠦᠬᠡᠨ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠠᠬᠢᠴᠠ ᠶᠢ ᠠᠳᠬᠤᠬᠤ᠂ ᠪᠦᠲᠦᠬᠡᠨ ᠪᠠᠶᠢᠭᠤᠯᠵᠤ ᠳᠠᠭᠤᠰᠤᠭᠰᠠᠨ ᠲᠥᠷᠥᠯ ᠵᠦᠶᠯ ᠤᠨ ᠠᠵᠢᠯᠯᠠᠭᠠᠨ ᠢ ᠠᠳᠬᠤᠬᠤ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠲᠥᠷᠥᠯ ᠵᠦᠶᠯ ᠢ ᠨᠢᠭᠡᠳ ᠨᠢᠭᠡ ᠪᠠᠷ ᠠᠳᠬᠤᠵᠤ᠂ ᠡᠳᠦᠷ ᠡᠳᠦᠷ ᠤᠷᠤᠭᠰᠢ ᠠᠬᠢᠭᠤᠯᠵᠤ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠡᠨᠧᠷᠭᠢ ᠶᠢᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢᠨ ᠬᠠᠭᠠᠰ ᠠᠴᠠ ᠲᠡᠭᠡᠭᠰᠢᠬᠢ ᠶᠢ ᠪᠡᠶᠡᠯᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ