ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2022/6/14
      6 ᠰᠠᠷ᠎ᠠ ᠶᠢᠨ 12 ᠤᠨ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠳᠤ ᠲᠤᠬᠠᠢ ᠶᠢᠨ ᠲᠠᠯᠠᠪᠠᠢ ᠶᠢᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠪᠠ᠃       ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠷᠢᠭᠤ ᠲᠤᠰᠬᠠᠭᠰᠠᠨ ᠪᠠᠶᠢᠳᠠᠯ ᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠪᠣᠭᠤᠮᠲᠠ ᠰᠢᠪᠲᠤᠯᠵᠤ ᠰᠡᠬᠦᠯ ᠬᠤᠷᠢᠶᠠᠬᠤ ᠬᠤᠭᠤᠴᠠᠭᠠᠨ ᠳᠤ ᠣᠷᠣᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠢᠮᠠᠭᠲᠠ ᠴᠢᠩᠭᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠲᠠᠭᠤᠳᠠᠯ ᠢᠶᠠᠨ ᠪᠠᠶᠢᠴᠠᠭᠠᠨ ᠳᠤᠳᠠᠬᠳᠠᠯ ᠢᠶᠠᠨ ᠨᠥᠬᠦᠪᠥᠷᠢᠯᠡᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠨᠠᠩ ᠡᠷᠡᠰ ᠪᠠᠳᠤ᠂ ᠨᠠᠩ ᠨᠠᠷᠢᠯᠢᠭ᠂ ᠨᠠᠩ ᠴᠢᠩᠭ᠎ᠠ ᠠᠵᠢᠯ ᠤᠨ ᠰᠤᠷᠲᠠᠯ ᠢᠶᠠᠷ ᠡᠯ᠎ᠡ ᠵᠦᠶᠯ ᠤᠨ ᠠᠵᠢᠯ ᠢ ᠪᠣᠳᠠᠲᠠᠶ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ ᠭᠡᠵᠦ ᠬᠡᠯᠡᠪᠡ᠃       ᠸᠠᠩ ᠯᠢ ᠰᠢᠶᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠠᠬᠢᠨᠳᠠ ᠪᠣᠳᠠᠲᠠᠶᠢᠵᠢᠭᠤᠯᠵᠤ᠂ ᠲᠠᠩᠰᠠ ᠮᠡᠳᠡᠬᠦᠯᠬᠦ ᠤᠬᠠᠮᠰᠠᠷ᠂ ᠬᠠᠷᠢᠭᠤᠯᠳᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ︽ᠵᠢᠷᠭᠤᠭᠠᠨ ᠲᠠᠩᠰᠠ︾ ᠶᠢ ᠴᠢᠩᠭ᠎ᠠ ᠠᠩᠬᠠᠷᠴᠤ᠂ ᠡᠪᠡᠳᠴᠢᠨ ᠤ ᠵᠢᠱᠢᠶ᠎ᠡ ᠶᠢ ᠦᠬᠡᠢ ᠪᠤᠯᠭᠠᠵᠤ᠂ ᠡᠳᠦᠷ ᠪᠦᠷᠢ ᠳ᠋ᠦᠩᠨᠡᠨ ᠪᠤᠳᠤᠬᠤ ᠬᠡᠷᠡᠭᠲᠡᠢ᠃ ᠬᠠᠷᠢᠭᠤᠴᠠᠯᠭ᠎ᠠ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠬᠤ ᠶᠢ ᠲᠠᠬᠢᠨᠳᠠ ᠪᠣᠳᠠᠲᠠᠶᠢᠵᠢᠭᠤᠯᠵᠤ᠂ ᠨᠠᠷᠢᠨ ᠬᠢᠨᠠᠮᠠᠭᠠᠢ ᠬᠢᠨᠠᠭᠤᠷ ᠤᠷᠤᠵᠥ᠂ ᠨᠠᠷᠢᠯᠢᠭ ᠴᠢᠩᠭ᠎ᠠ ᠪᠣᠳᠠᠲᠠᠢ ᠪᠠᠷ ᠬᠠᠷᠢᠭᠤᠴᠠᠯᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠶᠠᠪᠤᠴᠠ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠳᠥᠷᠪᠡ ᠶᠢ ᠭᠦᠶᠴᠡᠳᠭᠡᠨ ᠲᠦᠷᠪᠡ ᠶᠢ ᠪᠡᠶᠡᠯᠡᠬᠦᠯᠬᠦ︾ ᠬᠠᠷᠢᠭᠤᠴᠠᠯᠭ᠎ᠠ ᠶᠢ ᠳᠠᠬᠢᠨᠲᠠ ᠪᠣᠳᠠᠲᠠᠶᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠡᠬᠢ ᠡᠬᠦᠰᠦᠯ ᠤᠨ ᠮᠦᠷᠳᠡᠯᠳᠡ᠂ ᠨᠡᠶᠢᠭᠡᠮ ᠤᠨ ᠪᠠᠶᠢᠳᠠᠯ ᠤᠨ ᠬᠠᠮᠢᠶᠠᠷᠤᠯᠲᠠ ᠡᠵᠡᠮᠳᠡᠯ᠂ ᠲᠤᠰᠠᠭᠠᠷᠯᠠᠬᠤ ᠴᠡᠭ ᠤᠨ ᠬᠠᠮᠢᠶᠠᠷᠤᠯᠲᠠ᠂ ᠠᠷᠢᠭᠤᠳᠬᠠᠨ ᠴᠡᠪᠡᠷᠯᠡᠬᠦ᠂ ᠡᠮᠴᠢᠯᠡᠬᠡᠨ ᠤ ᠠᠪᠤᠷᠠᠨ ᠵᠠᠰᠠᠯᠳᠠ ᠵᠡᠷᠬᠡ ᠶᠢᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠥᠬᠦᠷᠡᠰᠢ ᠥᠬᠡᠶ ᠪᠠᠷ ᠠᠰᠠᠭᠤᠳᠠᠯ ᠢ ᠰᠠᠶᠢᠵᠢᠷᠠᠭᠤᠯᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠬᠡᠮ ᠰᠣᠭᠤᠭ ᠢ ᠠᠷᠢᠯᠭᠠᠬᠤ ᠬᠡᠷᠡᠭᠲᠡᠶ᠃ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠬᠡᠳᠤᠯᠳᠡᠢ ᠳᠦᠯᠦᠪᠵᠢᠬᠦᠯᠬᠦ ᠬᠠᠷᠢᠭᠤᠴᠠᠯᠭ᠎ᠠ ᠶᠢ ᠲᠠᠬᠢᠨᠳᠠ ᠪᠣᠳᠠᠲᠠᠶᠢᠵᠢᠭᠤᠯᠵᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠦᠬᠦᠭᠡ ᠲᠠᠯ᠎ᠠ ᠪᠠᠷ ᠨᠡᠭᠡᠭᠡᠯᠳᠠ ᠬᠢᠬᠦ ᠶᠢ ᠠᠳᠬᠤᠵᠤ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠰᠠᠬᠢᠵᠤ᠂ ᠬᠢᠯᠢ ᠶᠢᠨ ᠪᠣᠭᠤᠮᠲᠠ ᠪᠠᠷ ᠥᠩᠭᠡᠷᠡᠬᠦ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠦᠴᠦᠨ᠂ ᠠᠵᠢᠯ ᠤᠨ ᠬᠡᠷᠡᠭᠵᠢᠭᠦᠯᠬᠦ ᠬᠦᠴᠦᠨ ᠢ ᠲᠠᠬᠢᠨᠳᠠ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠷᠢᠮᠦᠰᠦᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ ᠪᠠᠶᠢᠬᠤ ᠬᠡᠷᠡᠭᠳᠡᠢ ᠬᠡᠵᠥ ᠴᠢᠬᠤᠯᠠᠴᠢᠯᠠᠪᠠ᠃       ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠬᠦᠷᠴᠦ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ ᠬᠤᠷᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠬᠦᠷᠴᠤ ᠠᠵᠢᠯᠯᠠᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠯᠢ ᠶᠢᠨ ᠭᠤᠤᠯ ᠠᠶᠢᠮᠠᠭ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ