ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ ᠬᠡᠷᠡᠭᠵᠢᠭᠦᠯᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄
ᠨᠢᠭᠡ᠂ ᠨᠣᠣᠷᠠᠭᠯᠠᠭᠰᠠᠨ ᠠᠬᠤᠢ ᠪᠠᠶᠢᠳᠠᠯ
︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ︵2020 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵2020 ︱ 2025 ᠣᠨ︶︾ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠵᠤᠷᠭᠠᠨ ᠤ 2022 ᠣᠨ ᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠥᠯ︾ ᠢ ᠲᠤᠭᠤᠷᠪᠢᠬᠤ ᠠᠵᠢᠯ ᠢ ᠥᠷᠨᠢᠭᠦᠯᠪᠡ᠃ ︽ᠬᠡᠷᠡᠭᠵᠢᠭᠦᠯᠬᠦ ᠲᠥᠰᠥᠯ︾ ᠢ ᠣᠶᠢᠷ᠎ᠠ ᠶᠢᠨ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠤᠯᠪᠣᠭᠠᠯᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃
ᠬᠤᠶᠠᠷ᠂ ᠭᠤᠣᠯ ᠪᠣᠯᠬᠤ ᠪᠣᠷᠣ ᠲᠥᠰᠥᠪ
︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ︽ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ︾ ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠨᠢᠭᠡ ᠡᠭᠦᠷᠭᠡ ᠬᠠᠷᠠᠯᠲᠠ︾ ︽ᠭᠤᠷᠪᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ︾ ᠶᠢ ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ ᠵᠠᠭᠪᠤᠷ ᠵᠢᠴᠢ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠂ ᠨᠥᠬᠦᠪᠦᠷᠢ ᠪᠡᠯᠡ ᠮᠥᠩᠭᠦ ᠶᠢᠨ ᠬᠡᠷᠡᠭᠴᠡᠭᠡ᠂ ᠨᠥᠬᠦᠪᠦᠷᠢ ᠣᠯᠭᠤᠬᠤ ᠪᠠᠷᠢᠮᠵᠢᠶ᠎ᠠ ᠵᠢᠴᠢ ᠨᠥᠬᠦᠪᠦᠷᠢ ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ᠃
ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ
︵ᠨᠢᠭᠡ︶ ᠡᠭᠦᠷᠭᠡ ᠬᠠᠷᠠᠯᠲᠠ᠃ 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ ᠬᠡᠷᠡᠭᠵᠢᠭᠦᠯᠵᠦ᠂ 9 ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ 31 ᠰᠢᠶᠠᠨ ᠤ ᠱᠠᠲᠤ᠂ 87 ᠰᠢᠶᠠᠩ ᠤᠨ ᠱᠠᠲᠤ ᠪᠠ 18 ᠲᠣᠰᠬᠤᠨ ᠤ ᠱᠠᠲᠤ ᠶᠢᠨ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠨᠵᠢᠯᠡᠬᠦ 20 ᠴᠡᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃
︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠃ ᠨᠢᠭᠡ ᠳᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠵᠤ ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ᠂ ᠰᠢᠶᠠᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠲᠠᠯᠠᠪᠠᠢ ᠶᠢ ᠪᠦᠬᠦᠯᠢ ᠴᠣᠭᠴᠠ ᠪᠠᠷ ᠠᠬᠢᠭᠤᠯᠬᠤ ᠳᠤ ᠵᠠᠷᠴᠢᠮ ᠳᠡᠭᠡᠷ᠎ᠡ ᠪᠠᠨ ᠲᠤᠰ ᠰᠢᠶᠠᠨ ᠤ ᠲᠠᠷᠢᠶᠠᠯᠠᠬᠤ ᠳᠤ ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ᠂ ᠮᠡᠷᠭᠡᠵᠢᠯ ᠢ ᠪᠣᠳᠠᠲᠠᠶᠢᠵᠢᠭᠤᠯᠬᠤ᠂ ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠤᠢ ᠪᠣᠯᠭᠠᠨ᠎ᠠ᠃ ᠬᠤᠶᠠᠷ ᠲᠤ᠂ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠮᠡᠷᠭᠡᠵᠢᠯ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ ᠬᠡᠯᠪᠡᠶᠢᠯᠭᠡᠵᠦ᠂ ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ ᠴᠢᠩᠳᠠᠯᠠᠵᠤ᠂ ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠤᠷ᠎ᠠ ᠮᠡᠷᠭᠡᠰᠢᠯ ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠢᠵᠢ ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ ᠂ ᠵᠢᠷᠤᠮᠵᠢᠭᠤᠯᠤᠭᠰᠠᠨ᠂ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠳᠠᠭᠤᠷᠢᠶᠠᠯ ᠪᠣᠯᠭᠠᠨ᠎ᠠ᠃ ᠭᠤᠷᠪᠠ ᠳᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠬᠢᠨᠠᠨ ᠰᠢᠨᠵᠢᠯᠡᠯᠲᠡ ᠶᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ ᠪᠤᠰᠤ ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ 20 ᠣᠷᠳᠣ ᠬᠤᠭᠤᠴᠠᠭᠠᠨ ᠤ ᠬᠢᠨᠠᠨ ᠰᠢᠨᠵᠢᠯᠡᠬᠦ ᠴᠡᠭ ᠲᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ ᠠᠮᠢᠳᠤ ᠪᠣᠳᠠᠰ ᠤᠨ ᠰᠤᠳᠤᠯᠤᠯ ᠤᠨ ᠰᠢᠨᠵᠢ ᠪᠠᠶᠢᠳᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ ᠤᠨᠠᠯᠲᠠ ᠶᠢᠨ ᠬᠤᠪᠢᠷᠠᠯᠲᠠ᠂ ᠡᠪᠡᠰᠦ ᠬᠤᠷᠣᠬᠠᠢ ᠶᠢᠨ ᠬᠥᠨᠥᠭᠡᠯ ᠤᠨ ᠬᠤᠪᠢᠷᠠᠯᠲᠠ ᠪᠠ ᠮᠠᠰᠢᠨ ᠪᠠᠭᠠᠵᠢ ᠲᠣᠨᠣᠭᠯᠠᠯ ᠤᠨ ᠬᠡᠷᠡᠭᠯᠡᠭᠡᠨ ᠤ ᠴᠢᠨᠠᠷ ᠵᠡᠷᠭᠡ ᠪᠠᠶᠢᠳᠠᠯ ᠢ ᠬᠢᠨᠠᠨ ᠰᠢᠨᠵᠢᠯᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃
︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ 2022 ᠣᠨ ᠳᠤ᠂ ᠡᠰᠢ ᠰᠦᠷᠡᠯ ᠤᠨ ᠭᠠᠵᠠᠷ ᠤᠨ ᠭᠠᠳᠠᠷᠭᠤ ᠶᠢ ᠪᠦᠷᠬᠦᠭᠰᠡᠨ ᠬᠡᠮᠵᠢᠶ᠎ᠡ ᠪᠠᠷ 3 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ ᠬᠤᠶᠠᠷ ᠲᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ ᠭᠤᠷᠪᠠ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃
︵ᠳᠥᠷᠪᠡ︶ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠃ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠡᠷᠳᠡᠨᠢ ᠰᠢᠰᠢ ᠶᠢ ᠨᠠᠮᠤᠷ ᠬᠤᠷᠢᠶᠠᠬᠤ ᠦᠶᠡᠰ ᠡᠰᠢ ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ ᠳᠤ ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ ᠤᠨ ᠡᠰᠢ ᠰᠦᠷᠡᠯ ᠢ ᠬᠡᠷᠴᠢᠵᠦ ᠭᠠᠵᠠᠷ ᠤᠨ ᠭᠠᠳᠠᠷᠭᠤ ᠳᠤ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠪᠠᠶᠢᠯᠭᠠᠬᠤ ᠪᠠᠷ ᠱᠠᠭᠠᠷᠳᠠᠨ᠎ᠠ︔ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 30% — 60% ᠳᠤ ᠬᠦᠷᠦᠭᠦᠯᠬᠦ ᠶᠢ ᠱᠠᠭᠠᠷᠳᠠᠨ᠎ᠠ︔ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 10cm ᠠᠴᠠ ᠳᠡᠭᠡᠭᠰᠢ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 15% — 30% ᠳᠤ ᠬᠦᠷᠦᠭᠦᠯᠬᠦ ᠶᠢ ᠱᠠᠭᠠᠷᠳᠠᠨ᠎ᠠ᠃ ᠪᠤᠰᠤᠳ ᠲᠠᠷᠢᠮᠠᠯ ᠤᠨ ᠡᠰᠢ ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ ᠦᠯᠡᠳᠡᠭᠡᠨ᠎ᠡ᠃
︵ᠲᠠᠪᠤ︶ ᠨᠥᠬᠦᠪᠦᠷᠢ ᠣᠯᠭᠤᠬᠤ ᠡᠲᠡᠭᠡᠳ᠃ ︽ᠬᠡᠨ ᠭᠠᠵᠠᠷ ᠰᠢᠷᠣᠢ ᠶᠢ ᠡᠵᠡᠩᠨᠡᠪᠡᠯ᠂ ᠲᠡᠷᠡ ᠨᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠣᠳᠠᠲᠠᠢ ᠪᠠᠷ ᠬᠡᠷᠡᠭᠵᠢᠭᠦᠯᠵᠦ᠂ ᠲᠡᠷᠡ ᠨᠢ ᠨᠥᠬᠦᠪᠦᠷᠢ ᠬᠦᠷᠳᠡᠬᠦ︾ ᠵᠠᠷᠴᠢᠮ ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ ᠳᠤᠷ᠎ᠠ ᠠᠴᠠ ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠷ ᠨᠥᠬᠦᠪᠦᠷᠢ ᠣᠯᠭᠤᠬᠤ ᠡᠲᠡᠭᠡᠳ ᠪᠣᠯᠭᠠᠨ᠎ᠠ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ᠂ ᠠᠯᠪᠠᠲᠠᠨ ᠤ ᠬᠠᠤᠯᠢ ᠪᠠᠷ ᠯᠠᠪᠯᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃
︵ᠵᠢᠷᠭᠤᠭ᠎ᠠ︶ ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠬᠦ ᠵᠢᠴᠢ ᠪᠤᠰᠤᠳ ᠲᠠᠷᠢᠮᠠᠯ ᠤᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 34 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 19 ᠲᠥᠭᠦᠷᠢᠭ ᠠᠴᠠ ᠬᠡᠲᠦᠷᠡᠭᠦᠯᠬᠦ ᠦᠭᠡᠢ᠃