ᠸᠠᠩ ᠯᠢ ᠰᠢᠶᠠ ᠰᠢᠯᠢᠩᠬᠤᠲᠠ ᠳᠤ ᠴᠢᠩᠭᠡᠯᠢᠭ ᠡᠮᠨᠡᠯᠭᠡ ᠶᠢᠨ ᠬᠤᠷᠢᠶ᠎ᠠ ᠲᠠᠢ ᠸᠢᠳᠢᠣ᠋ ᠪᠠᠷ ᠬᠤᠯᠪᠤᠭ᠎ᠠ ᠠᠪᠤᠪᠠ
ᠨᠡᠶᠢᠲᠡᠯᠡᠭᠰᠡᠨ ᠴᠠᠭ᠄
2022/6/15

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ 6 ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠰᠢᠯᠢᠩᠬᠤᠲᠠ ᠶᠢᠨ ᠴᠢᠩᠭᠡᠯᠢᠭ ᠡᠮᠨᠡᠯᠭᠡ ᠶᠢᠨ ᠬᠤᠷᠢᠶᠠᠨ ᠤ ᠳᠣᠲᠣᠷᠠᠬᠢ ᠡᠮᠴᠢ ᠪᠠ ᠡᠪᠡᠳᠴᠢᠲᠡᠨ ᠲᠠᠢ ᠸᠢᠳᠢᠣ᠋ ᠪᠠᠷ ᠬᠤᠯᠪᠤᠭ᠎ᠠ ᠠᠪᠴᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠣᠨᠣᠰᠢᠯᠠᠭᠰᠠᠨ ᠡᠪᠡᠳᠴᠢᠲᠡᠨ ᠢ ᠪᠦᠬᠦ ᠬᠦᠴᠦ ᠪᠠᠷ ᠢᠶᠠᠨ ᠠᠪᠤᠷᠠᠨ ᠵᠠᠰᠠᠬᠤ ᠬᠡᠷᠡᠭᠲᠡᠢ ᠭᠡᠵᠦ ᠵᠠᠬᠢᠪᠠ᠃

 

1-1.png

 

1-2.png


      ᠰᠢᠯᠢᠩᠬᠤᠲᠠ ᠶᠢᠨ ᠴᠢᠩᠭᠡᠯᠢᠭ ᠡᠮᠨᠡᠯᠭᠡ ᠶᠢᠨ ᠬᠤᠷᠢᠶ᠎ᠠ ᠡᠷᠢᠶᠡᠨ ᠬᠤᠲᠠ ᠠᠴᠠ ᠰᠢᠯᠵᠢᠭᠦᠯᠦᠨ ᠵᠦᠭᠡᠭᠡᠪᠦᠷᠢᠯᠡᠵᠤ ᠠᠪᠴᠢᠷᠠᠭᠰᠠᠨ ᠵᠠᠭᠤ ᠭᠠᠷᠤᠶ ᠣᠨᠣᠰᠢᠯᠠᠭᠰᠠᠨ ᠡᠪᠡᠳᠴᠢᠲᠡᠨ ᠢ ᠭᠥᠯᠢᠶᠡᠨ ᠠᠪᠴᠤ ᠠᠪᠤᠷᠠᠨ ᠵᠠᠰᠠᠵᠤ ᠪᠤᠢ᠂ ᠸᠠᠩ ᠯᠢ ᠰᠢᠶᠠ ᠸᠢᠳᠢᠣ᠋ ᠪᠠᠷ ᠳᠠᠮᠵᠢᠭᠤᠯᠤᠨ ᠡᠮᠴᠢ ᠰᠤᠪᠢᠯᠠᠭᠴᠢ ᠲᠠᠢ ᠳᠣᠲᠣᠨᠣ ᠪᠠᠷ ᠶᠠᠷᠢᠯᠴᠠᠵᠤ᠂ ᠠᠪᠤᠷᠠᠨ ᠵᠠᠰᠠᠬᠤ ᠠᠷᠭ᠎ᠠ ᠬᠡᠮᠵᠢᠶ᠎ᠡ ᠪᠠ ᠡᠪᠡᠳᠴᠢᠲᠡᠨ ᠤ ᠪᠠᠶᠢᠳᠠᠯ ᠢ ᠣᠶᠢᠯᠠᠭᠠᠪᠠ᠃ ᠡᠮᠴᠢ ᠨᠡᠷ ᠤᠨ ᠪᠦᠬᠦ ᠤᠯᠤᠰ ᠵᠢᠴᠢ ᠣᠷᠣᠨ ᠤ ᠳᠣᠲᠣᠷᠠᠬᠢ ᠡᠯ᠎ᠡ ᠭᠠᠵᠠᠷ ᠠᠴᠠ ᠢᠷᠡᠭᠰᠡᠨ ᠢ ᠰᠣᠨᠣᠰᠤᠭᠠᠳ ᠸᠠᠩ ᠯᠢ ᠰᠢᠶᠠ᠂ ᠲᠠ ᠨᠠᠷ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠵᠠᠩᠭᠢᠯᠠᠭ᠎ᠠ ᠶᠢᠨ ᠦᠶ᠎ᠡ ᠳᠤ᠂ ᠠᠶᠤᠯ ᠲᠦᠭᠰᠢᠭᠦᠷᠢ ᠠᠴᠠ ᠠᠶᠤᠬᠤ ᠦᠬᠡᠢ ᠪᠠᠷ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠵᠤ ᠲᠤᠰᠠᠯᠠᠭᠰᠠᠨ ᠨᠢ ᠨᠢᠭᠡ ᠨᠢ ᠬᠦᠴᠢᠷᠳᠡᠪᠡᠯ ᠨᠡᠶᠢᠳᠡ ᠪᠠᠷ ᠢᠶᠠᠨ ᠲᠤᠰᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠳ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠳᠣᠣᠷᠠᠬᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠢᠯᠡᠷᠡᠭᠦᠯᠪᠡ᠃ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠣᠨᠣᠰᠢᠯᠠᠭᠰᠠᠨ ᠡᠪᠡᠳᠴᠢᠲᠡᠨ ᠪᠦᠷᠢ ᠶᠢ ᠨᠢᠮᠪᠠᠢ ᠡᠮᠨᠡᠨ ᠵᠠᠰᠠᠵᠤ᠂ ᠲᠡᠳᠡᠨ ᠢ ᠡᠷᠲᠡᠬᠡᠨ ᠡᠷᠡᠭᠦᠯᠵᠢᠭᠦᠯᠬᠦ ᠬᠡᠷᠡᠭᠲᠡᠢ ᠬᠡᠪᠡ᠃ ᠸᠠᠩ ᠯᠢ ᠰᠢᠶᠠ ᠡᠮᠴᠢ ᠰᠣᠪᠢᠯᠠᠭᠴᠢᠳ ᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠡᠮᠨᠡᠯᠭᠡ ᠶᠢᠨ ᠬᠤᠷᠢᠶ᠎ᠠ ᠳᠤ ᠬᠠᠯᠳᠠᠪᠤᠷᠢᠯᠠᠯ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠭᠰᠠᠨ ᠪᠥᠭᠡᠳ ᠣᠷᠣᠨ ᠨᠤᠲᠤᠭ ᠤᠨ ᠵᠠᠰᠠᠭ ᠤᠨ ᠣᠷᠳᠣᠨ ᠢ ᠦᠶᠯᠡᠴᠢᠯᠡᠭᠡ ᠪᠠᠲᠤᠯᠠᠭ᠎ᠠ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃
      ᠸᠢᠳᠢᠣ᠋ ᠪᠠᠷ ᠴᠢᠩᠭᠡᠯᠢᠭ ᠡᠮᠨᠡᠯᠭᠡ ᠶᠢᠨ ᠬᠤᠷᠢᠶᠠᠨ ᠤ ᠣᠷᠴᠢᠨ ᠲᠣᠭᠤᠷᠢᠨ ᠢ ᠪᠠᠶᠢᠴᠠᠭᠠᠨ ᠦᠵᠡᠬᠦ ᠳᠡᠭᠡᠨ᠂ ᠸᠠᠩ ᠯᠢ ᠰᠢᠶᠠ ᠡᠮᠨᠡᠯᠭᠡ ᠶᠢᠨ ᠬᠤᠷᠢᠶᠠᠨ ᠤ ᠳᠤᠳᠤᠷᠠᠬᠢ ᠬᠡᠦᠬᠡᠳ ᠤᠨ ᠴᠡᠩᠭᠡᠯ ᠤᠨ ᠬᠦᠷᠢᠶᠡᠯᠡᠩ ᠳᠤ ᠨᠠᠭᠠᠳᠴᠤ ᠳᠤᠬᠯᠠᠵᠥ ᠪᠠᠶᠢᠭᠰᠠᠨ 9 ᠨᠠᠰᠤᠲᠠᠢ ᠪᠢᠴᠢᠬᠠᠨ ᠡᠪᠡᠳᠴᠢᠲᠡᠨ ᠢ ᠣᠯᠵᠤ ᠬᠠᠷᠠᠪᠠ᠂ ᠲᠡᠷᠡ ᠡᠨᠡ ᠬᠦ ᠬᠡᠦᠬᠡᠳ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠢ ᠡᠮᠴᠢ ᠪᠣᠯᠤᠨ ᠰᠤᠪᠢᠯᠠᠭᠴᠢ ᠶᠢᠨ ᠦᠭᠡ ᠶᠢ ᠰᠣᠨᠣᠰᠴᠤ᠂ ᠴᠠᠭ ᠲᠠᠭᠠᠨ ᠡᠮ ᠢᠶᠠᠨ ᠤᠤᠭᠤᠵᠤ᠂ ᠡᠷᠲᠡᠬᠡᠨ ᠡᠷᠡᠭᠦᠯᠵᠢᠵᠦ ᠭᠡᠷ ᠲᠡᠭᠡᠨ ᠬᠠᠷᠢᠬᠤ ᠪᠠᠷ ᠴᠢᠷᠮᠠᠶᠢᠭᠠᠷᠠᠢ ᠬᠡᠵᠥ ᠵᠠᠬᠢᠪᠠ᠃
      ᠴᠢᠩᠭᠡᠯᠢᠭ ᠡᠮᠨᠡᠯᠭᠡ ᠶᠢᠨ ᠬᠤᠷᠢᠶᠠᠨ ᠤ ᠣᠨᠣᠰᠢᠯᠠᠭᠰᠠᠨ ᠡᠪᠡᠳᠴᠢᠲᠡᠨ ᠤ ᠳᠣᠲᠣᠷᠠᠬᠢ ᠡᠪ ᠬᠠᠮᠲᠤ ᠨᠠᠮ ᠤᠨ ᠭᠡᠰᠢᠭᠦᠳ ᠰᠠᠨᠠᠭᠠᠴᠢᠯᠠᠭ᠎ᠠ ᠠᠴᠠ ᠪᠠᠨ ᠵᠤᠬᠢᠶᠠᠨ ᠪᠠᠶᠢᠭᠤᠯᠵᠥ ᠪᠠᠶᠢᠭᠠᠳ ᠰᠠᠶᠢᠨ ᠳᠤᠷᠠᠴᠤᠳ ᠪᠤᠯᠪᠠ᠂ ᠬᠤᠯᠪᠣᠭ᠎ᠠ ᠠᠪᠬᠤ ᠦᠶ᠎ᠡ ᠳᠤ ᠸᠠᠩ ᠯᠢ ᠰᠢᠶᠠ ᠲᠡᠳᠡᠨ ᠤ ᠠᠵᠢᠯᠯᠠᠭ᠎ᠠ ᠶᠢ ᠭᠦᠢᠴᠡᠳ ᠨᠤᠲᠠᠯᠠᠵᠤ᠂ ᠲᠡᠳᠡᠨ ᠢ ᠬᠡᠵᠢᠶ᠎ᠡ ᠴᠦ ᠭᠡᠰᠡᠨ ᠤᠤᠷ ᠴᠢᠨᠠᠷ ᠢᠶᠠᠨ ᠪᠠᠲᠤ ᠰᠠᠬᠢᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠡᠷᠡᠢ ᠭᠡᠵᠦ ᠵᠣᠷᠢᠭᠵᠢᠭᠤᠯᠪᠠ᠃
      ᠸᠠᠩ ᠯᠢ ᠰᠢᠶᠠ ᠪᠠᠰᠠ ᠰᠢᠯᠢ ᠶᠢᠨ ᠭᠤᠣᠯ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠡᠮᠴᠢ ᠪᠣᠯᠤᠨ ᠡᠪᠡᠳᠴᠢᠲᠡᠨ ᠲᠠᠢ ᠸᠢᠳᠢᠣ᠋ ᠪᠠᠷ ᠬᠤᠯᠪᠤᠭ᠎ᠠ ᠠᠪᠤᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ