ᠬᠥᠬᠡᠬᠤᠲᠠ ᠶᠢᠨ ᠪᠣᠭᠤᠮᠲᠠ ᠠᠴᠠ ᠣᠶᠢᠯᠠᠭᠠᠭᠰᠠᠨ ᠢᠶᠠᠷ᠂ ᠲᠦᠷᠦᠭᠦᠦ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ 546 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠣᠷ᠎ᠠ | ᠴᠥᠮ ᠠᠳᠠᠯᠢ︶ 12.6% ᠪᠠᠷ ᠨᠡᠮᠡᠭᠳᠡᠨ᠂ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠠᠴᠠ 4.3 ᠵᠠᠭᠤᠨ ᠤ ᠴᠡᠭ ᠥᠨᠳᠥᠷ | ᠪᠣᠯᠵᠠᠢ᠃ ᠡᠭᠦᠨ ᠤ ᠳᠣᠲᠣᠷ᠎ᠠ᠂ ᠭᠠᠳᠠᠭᠠᠳᠤ ᠳᠤ ᠭᠠᠷᠭᠠᠭᠰᠠᠨ ᠬᠡᠮᠵᠢᠶ᠎ᠡ 240.1 ᠳ᠋ᠦᠩᠰᠢᠭᠤᠷ ᠲᠥᠭᠦᠷᠢᠭ ᠲᠤ ᠬᠦᠷᠴᠦ᠂ 31.3% ᠪᠠᠷ ᠨᠡᠮᠡᠭᠳᠡᠪᠡ︔ | ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 305.9 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠨᠡᠮᠡᠭᠳᠡᠪᠡ᠃ | ᠠᠷᠠᠯᠵᠢᠶᠠᠨ ᠤ ᠠᠷᠭ᠎ᠠ ᠮᠠᠶ᠋ᠢᠭ ᠠᠴᠠ ᠠᠪᠴᠤ ᠦᠵᠡᠪᠡᠯ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠷᠢᠴᠠᠯ | ᠠᠯᠬᠤᠮ ᠠᠯᠬᠤᠮ ᠢᠶᠠᠷ ᠨᠡᠮᠡᠭᠳᠡᠵᠦ᠂ ᠲᠦᠷᠦᠭᠦᠸ 5 ᠰᠠᠷ᠎ᠠ ᠳᠤ᠂ ᠡᠩ ᠤᠨ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ | 381.4 ᠳ᠋ᠦᠩᠰᠢᠭᠤᠷ ᠲᠥᠭᠦᠷᠢᠭ ᠲᠤ ᠬᠦᠷᠴᠦ᠂ 15.6% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠢ ᠥᠷᠲᠡᠭ ᠤᠨ 69.9% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ᠂ RCEP ᠶᠢᠨ ᠪᠦᠷᠢᠯᠳᠦᠭᠦᠨ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠡᠸᠦ᠋ᠷᠦᠫᠡ ᠲᠢᠪ ᠤᠨ | ᠤᠯᠤᠰ ᠤᠳ ᠤᠨ ᠬᠤᠯᠪᠣᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠲᠤᠰ ᠲᠤᠰ 311.4 ᠳ᠋ᠦᠩᠰᠢᠭᠤᠷ᠂ 154.9 ᠳ᠋ᠦᠩᠰᠢᠭᠤᠷ᠂ 61.5 | ᠳ᠋ᠦᠩᠰᠢᠭᠤᠷ᠂ 37.8 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 11.8%᠂ 11%᠂ 41.3%᠂ 58% ᠪᠠᠷ ᠨᠡᠮᠡᠭᠳᠡᠵᠦ᠂ ᠨᠡᠮᠡᠭᠳᠡᠯ ᠤᠨ | ᠬᠠᠨᠳᠤᠰᠢ ᠮᠠᠰᠢ ᠰᠠᠶᠢᠨ ᠪᠠᠶᠢᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠤᠣᠯ ᠬᠦᠴᠦᠨ ᠤ ᠦᠢᠯᠡᠳᠦᠯ ᠲᠠᠰᠤᠷᠠᠯᠲᠠ ᠦᠭᠡᠢ ᠲᠣᠪᠣᠶᠢᠮ᠎ᠠ ᠪᠣᠯᠪᠠ᠃ | ᠲᠦᠷᠦᠭᠦᠸ 5 ᠰᠠᠷ᠎ᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 366.3 ᠳ᠋ᠦᠩᠰᠢᠭᠤᠷ ᠲᠥᠭᠦᠷᠢᠭ ᠲᠤ | ᠬᠦᠷᠴᠦ᠂ 18.8% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 67.1% ᠶᠢ | ᠡᠵᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠣᠯ ᠪᠣᠯᠬᠤ ᠲᠠᠸᠠᠷ ᠤᠨ ᠨᠡᠮᠡᠭᠳᠡᠯ ᠤᠨ ᠬᠡᠮᠵᠢᠶ᠎ᠡ ᠢᠯᠡᠳᠲᠡ ᠪᠣᠯᠪᠠ᠃ ᠡᠭᠦᠨ ᠳᠤ᠂ | ᠲᠦᠷᠦᠭᠦᠦ 5 ᠰᠠᠷ᠎ᠠ ᠳᠤ ᠭᠠᠳᠠᠭᠠᠳᠤ ᠳᠤ ᠭᠠᠷᠭᠠᠭᠰᠠᠨ ᠮᠠᠰᠢᠨ ᠴᠠᠬᠢᠯᠭᠠᠨ ᠤ ᠦᠢᠯᠡᠳᠬᠦᠨ 41.6 ᠳ᠋ᠦᠩᠰᠢᠭᠤᠷ ᠲᠥᠭᠦᠷᠢᠭ᠂ ᠲᠡᠮᠦᠷ ᠤᠨ ᠬᠠᠶᠢᠯᠤᠰᠢ 10.4 | ᠳ᠋ᠦᠩᠰᠢᠭᠤᠷ ᠲᠥᠭᠦᠷᠢᠭ᠂ ᠬᠤᠪᠣᠷ ᠰᠢᠷᠣᠢ ᠵᠢᠴᠢ ᠲᠡᠭᠦᠨ ᠤ ᠦᠢᠯᠡᠳᠬᠦᠨ 9 ᠳ᠋ᠦᠩᠰᠢᠭᠤᠷ ᠲᠥᠭᠦᠷᠢᠭ᠂ ᠳᠠᠪᠲᠠᠨ ᠬᠡᠪᠰᠢᠭᠦᠯᠦᠭᠡᠳᠦᠢ ᠬᠥᠩᠭᠡᠨ ᠴᠠᠭᠠᠨ ᠵᠢᠴᠢ | ᠬᠥᠩᠭᠡᠨ ᠴᠠᠭᠠᠨ ᠤ ᠮᠠᠲ᠋ᠧᠷᠢᠶᠠᠯ 8.5 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 69.1%᠂ 354.1%᠂ 121.2%᠂ 145.2% ᠢᠶᠠᠷ | ᠨᠡᠮᠡᠭᠳᠡᠪᠡ︔ ᠠᠳᠠᠯᠢ ᠬᠤᠭᠤᠴᠠᠭᠠᠨ ᠳᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 53.5 ᠳ᠋ᠦᠩᠰᠢᠭᠤᠷ ᠲᠥᠭᠦᠷᠢᠭ᠂ ᠪᠣᠷᠳᠣᠭᠤᠷ 9.4 ᠳ᠋ᠦᠩᠰᠢᠭᠤᠷ | ᠲᠥᠭᠦᠷᠢᠭ ᠲᠤ ᠬᠦᠷᠴᠦ᠂ ᠲᠣᠰ ᠲᠣᠰ 35.5%᠂ 52.5% ᠪᠠᠷ ᠨᠡᠮᠡᠭᠳᠡᠪᠡ᠃ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠳᠣᠲᠣᠷ᠎ᠠ᠂ ᠪᠠᠶᠠᠨᠨᠠᠭᠤᠷ | ᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 120.6 ᠳ᠋ᠦᠩᠰᠢᠭᠤᠷ ᠲᠥᠭᠦᠷᠢᠭ ᠲᠤ ᠬᠦᠷᠴᠦ᠂ ᠲᠡᠷᠢᠭᠦᠨ ᠳᠤ ᠪᠠᠶᠢᠷᠢᠯᠠᠪᠠ︔ ᠪᠤᠭᠤᠲᠤ᠂ | ᠬᠥᠬᠡᠬᠤᠲᠠ᠂ ᠣᠷᠳᠣᠰ ᠭᠤᠷᠪᠠᠨ ᠬᠤᠲᠠ ᠳᠠᠷᠠᠭᠠᠯᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ ᠲᠤᠰ ᠲᠤᠰ 91.9 | ᠳ᠋ᠦᠩᠰᠢᠭᠤᠷ ᠲᠥᠭᠦᠷᠢᠭ᠂ 81.9 ᠳ᠋ᠦᠩᠰᠢᠭᠤᠷ ᠲᠥᠭᠦᠷᠢᠭ᠂ 62 ᠳ᠋ᠦᠩᠰᠢᠭᠤᠷ ᠲᠥᠭᠦᠷᠢᠭ ᠲᠤ ᠬᠦᠷᠪᠡ᠃ | ᠬᠥᠬᠡᠬᠤᠲᠠ ᠶᠢᠨ ᠪᠣᠭᠤᠮᠲᠠ ᠶᠢᠨ ᠵᠠᠳᠠᠯᠤᠭᠰᠠᠨ ᠢᠶᠠᠷ᠂ ᠡᠨᠡ ᠵᠢᠯ ᠤᠨ 3 ︱ 5 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 3 ᠰᠠᠷ᠎ᠠ ᠳᠠᠷᠠᠭᠠᠯᠠᠨ ᠭᠠᠭᠴᠠ ᠰᠠᠷ᠎ᠠ ᠶᠢᠨ ᠨᠡᠮᠡᠭᠳᠡᠯ ᠢ ᠪᠡᠶᠡᠯᠡᠭᠦᠯᠵᠦ᠂ ᠢᠯᠠᠩᠭᠤᠶ᠎ᠠ 4 ᠳ᠋ᠦ᠋ᠭᠡᠷ ᠰᠠᠷ᠎ᠠ ᠪᠠ 5 | ᠳ᠋ᠤᠭᠠᠷ ᠰᠠᠷ᠎ᠠ ᠳᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 34.2% ᠪᠠ | 31.1% ᠪᠠᠷ ᠨᠡᠮᠡᠭᠳᠡᠵᠦ᠂ ᠪᠥᠬᠦ ᠵᠢᠯ ᠤᠨ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠤ ᠳᠤᠮᠳᠠ ᠰᠠᠶᠢᠵᠢᠷᠠᠬᠤ ᠳᠤ ᠠᠰᠢᠭᠲᠠᠢ ᠰᠠᠭᠤᠷᠢ ᠶᠢ ᠲᠠᠯᠪᠢᠵᠤ ᠥᠭᠭᠦᠭᠰᠡᠨ | ᠪᠠᠶᠢᠨ᠎ᠠ᠃ |